ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ | ᠬᠢᠵᠦ᠂ ᠴᠡᠷᠢᠭ ᠢᠶᠠᠨ ᠬᠦᠷᠢᠶᠡᠯᠡᠨ ᠴᠡᠷᠢᠭ ᠢᠶᠠᠨ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ | ᠲᠥᠯᠥᠭᠡ᠂ ᠣᠶᠢᠷ᠎ᠠ ᠳᠤ ᠰᠢᠭᠤᠶᠢᠳᠤ ᠵᠡᠭᠡᠯᠢ ᠭᠤᠳᠤᠮᠵᠢ ᠶᠢᠨ ᠬᠢᠨ ᠬᠠᠷᠢᠶᠠᠲᠤ ᠣᠷᠣᠨ ᠤ ᠴᠡᠷᠢᠭ ᠤᠨ ᠠᠯᠪᠠ ᠠᠴᠠ | ᠬᠠᠯᠠᠭᠳᠠᠭᠰᠠᠳ ᠵᠢᠴᠢ ᠴᠡᠷᠢᠭ ᠤᠨ ᠬᠡᠷ ᠪᠦᠯᠢ ᠳᠤ ᠬᠦᠷᠴᠦ ᠰᠦᠢᠳᠬᠡᠯ ᠬᠤᠷᠢᠶᠠᠬᠤ ᠥᠬᠡᠶ ᠡᠮᠴᠢᠯᠡᠭᠡ ᠶᠢᠨ | ᠪᠡᠶ᠎ᠡ ᠶᠢᠨ ᠪᠠᠶᠢᠴᠠᠭᠠᠯᠲᠠ ᠶᠢᠨ ᠺᠠᠷᠲ ᠬᠦᠷᠭᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠴᠡᠷᠢᠭ ᠤᠨ ᠬᠡᠷ | ᠪᠦᠯᠢ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠪᠡ᠃ | | ᠡᠷᠦᠬᠡ ᠳᠤ ᠬᠦᠷᠴᠦ ᠰᠤᠷᠪᠤᠯᠵᠢᠯᠠᠬᠤ ᠠᠵᠢᠯᠯᠠᠭ᠎ᠠ ᠳᠤᠮᠳᠠ᠂ ᠵᠡᠭᠡᠯᠢ ᠭᠤᠳᠤᠮᠵᠢ ᠶᠢᠨ ᠠᠵᠢᠯᠲᠠᠳ ᠡᠯ᠎ᠡ | ᠲᠥᠷᠥᠯ ᠤᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠤᠬᠠᠭᠤᠯᠬᠤ ᠶᠢᠨ ᠬᠠᠮᠲᠤ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠡᠷᠡᠭᠦᠯ ᠮᠡᠨᠳᠦ ᠶᠢᠨ ᠪᠠᠶᠢᠳᠠᠯ ᠪᠣᠯᠤᠨ ᠠᠮᠢᠳᠤᠷᠠᠯ ᠤᠨ ᠣᠶᠢᠷ᠎ᠠ ᠶᠢᠨ ᠪᠠᠶᠢᠳᠠᠯ ᠢ | ᠨᠠᠷᠢᠨ ᠨᠢᠮᠪᠠᠶ ᠠᠰᠠᠭᠤᠨ ᠯᠠᠪᠯᠠᠵᠤ᠂ ᠲᠡᠳᠡᠨ ᠳᠤ ᠲᠤᠯᠭᠠᠷᠠᠵᠤ ᠪᠠᠶᠢᠭ᠎ᠠ ᠪᠣᠳᠠᠲᠠᠶ ᠬᠦᠴᠢᠷᠳᠡᠯ ᠪᠣᠯᠤᠨ ᠰᠡᠳᠬᠢᠯ ᠤᠨ | ᠬᠦᠰᠡᠯ ᠱᠠᠭᠠᠷᠳᠠᠯᠭ᠎ᠠ ᠶᠢ ᠨᠢ ᠬᠦᠯᠢᠴᠡᠩᠭᠦᠶ ᠪᠠᠷ ᠰᠣᠨᠣᠰᠴᠤ᠂ ᠲᠡᠳᠡᠨ ᠤ ᠢᠳᠡᠪᠬᠢᠲᠡᠶ ᠥᠭᠡᠳᠡᠷᠬᠡᠭ ᠠᠮᠢᠳᠤᠷᠠᠯ ᠤᠨ | ᠣᠪᠣᠷ ᠢ ᠪᠠᠷᠢᠮᠲᠠᠯᠠᠨ᠂ ᠴᠡᠷᠢᠭ ᠤᠨ ᠬᠥᠮᠦᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠬᠤ ᠶᠢ | ᠵᠣᠷᠢᠭᠵᠢᠭᠤᠯᠬᠤ ᠶᠢᠨ ᠬᠠᠮᠲᠤ ᠨᠠᠮ ᠪᠣᠯᠤᠨ ᠵᠠᠰᠠᠭ ᠤᠨ ᠣᠷᠳᠣᠨ ᠢ ᠲᠥᠯᠥᠭᠡᠯᠡᠨ ᠴᠡᠷᠢᠭ ᠤᠨ ᠬᠥᠮᠦᠨ ᠤ ᠭᠡᠷ | ᠪᠦᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠦᠵᠡᠭᠦᠯᠦᠭᠰᠡᠨ ᠬᠤᠪᠢ | ᠨᠡᠮᠡᠷᠢ ᠳᠤ ᠴᠢᠩ ᠰᠡᠳᠬᠢᠯ ᠤᠨ ᠬᠦᠨᠳᠦᠳᠬᠡᠯ ᠢᠶᠠᠨ ᠢᠯᠡᠳᠬᠡᠵᠦ᠂ ᠲᠡᠳᠡᠨ ᠤ ᠢᠷᠠᠭᠤ ᠠᠯᠳᠠᠷᠲᠤ ᠰᠡᠳᠬᠢᠯᠭᠡ | ᠪᠣᠯᠤᠨ ᠣᠮᠤᠭ ᠪᠠᠭ᠋ᠠᠳᠤᠯᠲᠤ ᠰᠡᠳᠬᠢᠯᠭᠡ ᠶᠢ ᠨᠢ ᠤᠯᠠᠮ ᠨᠢᠭᠡ ᠠᠯᠬᠤᠮ ᠨᠡᠮᠡᠭᠳᠡᠭᠦᠯᠪᠡ᠃ ᠲᠣᠰ ᠤᠳᠠᠭᠠᠨ ᠤ | ᠲᠣᠬᠤᠨᠢᠭᠤᠯᠬᠤ ᠠᠵᠢᠯᠯᠠᠭ᠎ᠠ ᠨᠢ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠰᠢᠯᠢᠳᠡᠭ | ᠤᠯᠠᠮᠵᠢᠯᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠥᠬᠦ ᠵᠡᠭᠡᠯᠢ ᠭᠤᠳᠤᠮᠵᠢ ᠶᠢᠨ ᠳᠡᠭᠡᠳᠦ ᠳᠣᠤᠷᠠᠳᠤ ᠱᠠᠲᠤᠨ ᠤ | ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠦᠨᠳᠦᠳᠬᠡᠬᠦ ᠪᠠ ᠮᠡᠳᠡᠷᠡᠬᠦ ᠶᠢ ᠴᠢᠩᠭᠠᠳᠬᠠᠪᠠ᠃ | ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠵᠦᠢᠯ ᠤᠨ | ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ | ᠬᠠᠯᠠᠭᠳᠠᠭᠰᠠᠳ ᠵᠢᠴᠢ ᠠᠰᠠᠷᠠᠨ ᠬᠠᠷᠠᠭᠠᠯᠵᠠᠬᠤ ᠡᠲᠡᠭᠡᠳ ᠤᠨ ᠵᠦᠢ ᠵᠣᠬᠢᠰᠲᠠᠢ ᠬᠡᠷᠡᠭᠴᠡᠭᠡ ᠶᠢ ᠴᠠᠭ ᠲᠤᠬᠠᠢ ᠳᠤᠨᠢ | ᠴᠤᠤᠷᠢᠶᠠᠲᠤᠨ ᠳᠠᠭᠠᠬᠤ ᠪᠠ ᠰᠢᠢᠳᠪᠦᠷᠢᠯᠡᠬᠦ ᠶᠢ ᠪᠠᠲᠤᠯᠠᠵᠤ᠂ ᠨᠡᠶᠢᠭᠡᠮ ᠤᠨ ᠴᠡᠷᠢᠭ ᠤᠨ ᠠᠯᠪᠠ ᠠᠴᠠ | ᠬᠠᠯᠠᠭᠳᠠᠭᠰᠠᠳ ᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠨ᠎ᠠ᠃ | |