ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠪᠣᠯ ᠨᠠᠮ ᠤᠨ ᠡᠷᠦᠬᠡ ᠶᠢᠨ ᠴᠡᠷᠢᠭ ᠤᠨ ᠠᠵᠢᠯ ᠳᠠᠬᠢ | ᠬᠠᠷᠢᠴᠠᠯᠠᠰᠢᠭᠦᠶ ᠤᠳᠤᠷᠢᠳᠤᠯᠭ᠎ᠠ ᠶᠢ ᠪᠠᠷᠢᠮᠲᠠᠯᠠᠬᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠳᠦᠷᠢᠮ ᠢ | ᠨᠠᠶᠢᠳᠠᠪᠤᠷᠢᠵᠢᠭᠤᠯᠬᠤ ᠦᠨᠳᠦᠰᠦᠨ ᠴᠢᠨᠠᠷᠲᠠᠶ ᠠᠵᠢᠯ ᠮᠥᠨ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠡᠩᠨᠡᠭᠡ ᠨᠢ ᠨᠡᠶᠢᠭᠡᠮ ᠤᠯᠤᠰ ᠲᠥᠷᠥ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠵᠤ | ᠠᠬᠤᠢ ᠶᠢᠨ ᠬᠥᠭᠵᠢᠯᠲᠡ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤᠮᠳᠠ ᠴᠢᠬᠤᠯᠠ | ᠦᠢᠯᠡᠳᠦᠯ ᠦᠵᠡᠭᠦᠯᠵᠦ ᠪᠠᠶᠢᠳᠠᠭ᠃ ᠡᠷᠦᠬᠡ ᠶᠢᠨ ᠴᠡᠷᠢᠭ ᠤᠨ ᠦᠵᠡᠯ ᠰᠠᠨᠠᠭ᠎ᠠ ᠤᠯᠤᠰ ᠲᠦᠷᠦ ᠶᠢᠨ ᠬᠦᠮᠦᠵᠢᠯ ᠢ | ᠤᠯᠠᠮ ᠨᠢᠭᠡ ᠠᠯᠬᠤᠮ ᠴᠢᠩᠭᠠᠳᠬᠠᠵᠦ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠬᠡᠪ ᠰᠤᠷᠳᠠᠯ ᠰᠢᠯᠢᠳᠡᠭ | ᠰᠠᠶᠢᠨ ᠡᠷᠦᠬᠡ ᠶᠢᠨ ᠴᠡᠷᠢᠭ ᠢ ᠪᠤᠢ ᠪᠤᠯᠭᠠᠬᠤ ᠶᠢᠨ ᠲᠦᠯᠦᠭᠡ᠂ ᠰᠢᠭᠤᠶᠢᠳᠤ ᠵᠡᠭᠡᠯᠢ ᠪᠠ ᠪᠠᠳᠺᠠᠷ ᠰᠦᠮ᠎ᠡ ᠪᠠᠯᠭᠠᠰᠤ | ᠬᠠᠮᠳᠤᠷᠠᠨ ᠰᠢᠯᠢᠳᠡᠭ ᠡᠷᠦᠭᠡ ᠶᠢᠨ ᠴᠡᠷᠢᠭ ᠤᠨ ᠦᠵᠡᠯ ᠰᠠᠨᠠᠭ᠎ᠠ ᠤᠯᠤᠰ ᠲᠦᠷᠦ ᠶᠢᠨ ᠬᠦᠮᠦᠵᠢᠯ ᠤᠨ | ᠰᠤᠷᠤᠯᠴᠠᠯᠭ᠎ᠠ ᠶᠢᠨ ᠠᠵᠢᠯᠯᠠᠭᠠᠨ ᠢ ᠦᠷᠨᠢᠭᠦᠯᠪᠡ᠃ | | ᠠᠵᠢᠯᠯᠠᠭ᠎ᠠ ᠨᠢ ᠰᠢᠨ᠎ᠡ ᠴᠠᠭ ᠦᠶ᠎ᠡ ᠶᠢᠨ ᠰᠢᠯᠢᠳᠡᠭ ᠡᠷᠦᠭᠡ ᠶᠢᠨ ᠴᠡᠷᠢᠭ ᠤᠨ ᠲᠡᠦᠬᠡᠲᠦ ᠡᠭᠦᠷᠭᠡ ᠪᠣᠯᠤᠨ | ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠢ ᠲᠠᠶᠢᠯᠪᠤᠷᠢᠯᠠᠵᠤ᠂ ᠨᠠᠮ ᠤᠨ ᠵᠢᠯᠤᠭᠤᠳᠤᠯᠭ᠎ᠠ ᠶᠢ ᠳᠠᠭᠠᠬᠤ᠂ | ᠢᠯᠠᠭᠤᠭᠰᠠᠨ ᠲᠠᠶᠢᠨ ᠬᠢᠵᠦ ᠴᠢᠳᠠᠬᠤ᠂ ᠰᠤᠷᠲᠠᠯ ᠰᠢᠯᠢᠳᠡᠭ ᠰᠠᠶᠢᠨ ᠪᠠᠶᠢᠬᠤ ᠭᠦᠨᠵᠡᠭᠡᠢ ᠠᠭᠤᠯᠭ᠎ᠠ ᠶᠢ | ᠲᠣᠳᠣᠷᠬᠠᠶᠢᠯᠠᠨ ᠥᠭᠦᠯᠡᠪᠡ᠃ ᠰᠢᠯᠢᠳᠡᠭ ᠡᠷᠦᠬᠡ ᠶᠢᠨ ᠴᠡᠷᠢᠭ ᠢ ᠤᠷᠢᠳᠤ ᠶᠢᠨ ᠦᠶ᠎ᠡ ᠶᠢᠨ ᠬᠢᠨ ᠦᠷᠡᠭᠳᠡᠭᠰᠡᠨ | ᠪᠠᠭᠠᠲᠤᠷᠴᠤᠳ ᠠᠴᠠ ᠰᠤᠷᠤᠯᠴᠠᠵᠤ᠂ ᠪᠠᠭᠠᠲᠤᠷᠴᠤᠳ ᠤᠨ ᠪᠡᠶ᠎ᠡ ᠳᠡᠭᠡᠷᠡᠬᠢ ᠥᠭᠡᠳᠡᠯᠡᠨ ᠳᠠᠪᠰᠢᠬᠤ ᠤᠶᠤᠨ | ᠰᠠᠨᠠᠭᠠᠨ ᠤ ᠬᠦᠴᠦᠨ ᠢ ᠰᠢᠩᠭᠡᠭᠡᠨ ᠠᠪᠴᠤ᠂ ︽ᠳᠠᠭᠤᠳᠠᠪᠠᠯ ᠢᠷᠡᠵᠦ᠂ ᠢᠷᠡᠪᠡᠯ ᠪᠠᠶᠢᠯᠳᠤᠵᠤ᠂ ᠪᠠᠶᠢᠯᠳᠤᠪᠠᠯ ᠵᠠᠪᠠᠯ | ᠢᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠦ ᠤᠷᠢᠶᠠᠯᠠᠪᠠ᠃ ᠡᠷᠦᠬᠡ ᠶᠢᠨ ᠴᠡᠷᠢᠭ ᠢ ᠦᠵᠡᠯ ᠰᠠᠨᠠᠭ᠎ᠠ ᠤᠯᠤᠰ | ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠰᠢᠨ᠎ᠡ ᠴᠠᠭ ᠦᠶ᠎ᠡ᠂ ᠰᠢᠨ᠎ᠡ ᠬᠡᠪ ᠪᠠᠶᠢᠳᠠᠯ ᠤᠨ ᠵᠣᠭᠰᠣᠴᠠ ᠠᠴᠠ | ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠨᠠᠮ ᠳᠠᠭᠠᠨ ᠦᠨᠡᠨᠴᠢ ᠰᠢᠳᠤᠷᠭᠤ | ᠪᠠᠶᠢᠵᠤ᠂ ᠠᠷᠠᠳ ᠲᠦᠮᠡᠨ ᠳᠤ ᠦᠢᠯᠡᠴᠢᠯᠡᠵᠦ᠂ ᠰᠢᠨ᠎ᠡ ᠴᠠᠭ ᠦᠶ᠎ᠡ ᠶᠢᠨ ᠵᠡᠪᠰᠡᠭᠲᠦ ᠬᠦᠴᠦᠨ ᠤ ᠠᠵᠢᠯ ᠤᠨ | ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠰᠢᠨ᠎ᠡ ᠪᠠᠶᠢᠳᠠᠯ ᠳᠣᠣᠷᠠᠬᠢ ᠡᠷᠦᠬᠡ ᠶᠢᠨ ᠴᠡᠷᠢᠭ ᠤᠨ ᠠᠵᠢᠯ ᠢ | ᠰᠠᠶᠢᠲᠤᠷ ᠬᠢᠬᠦ ᠶᠢᠨ ᠵᠣᠷᠢᠯᠭ᠎ᠠ ᠶᠢᠨ ᠠᠴᠢ ᠬᠤᠯᠪᠣᠭᠳᠠᠯ ᠢ ᠲᠣᠳᠣᠷᠬᠠᠢ ᠲᠠᠨᠢᠵᠤ᠂ ᠡᠷᠦᠬᠡ ᠶᠢᠨ ᠴᠡᠷᠢᠭ ᠤᠨ ᠪᠠᠶᠢᠷᠢ | ᠰᠠᠭᠤᠷᠢ ᠪᠠ ᠦᠢᠯᠡᠳᠦᠯ ᠢ ᠭᠦᠢᠴᠡᠳ ᠪᠠᠳᠠᠷᠠᠭᠤᠯᠤᠨ᠂ ᠪᠣᠯᠪᠠᠰᠤᠷᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠲᠤᠰ ᠪᠡᠶ᠎ᠡ ᠶᠢᠨ ᠬᠡᠪ ᠴᠢᠨᠠᠷ ᠪᠠ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠣᠳᠣᠬᠠᠨ ᠤ ᠪᠠᠶᠢᠳᠠᠯ ᠢ ᠲᠣᠳᠣᠷᠬᠠᠢ | ᠲᠠᠨᠢᠵᠤ᠂ ᠣᠳᠣᠬᠠᠨ ᠤ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠢ ᠭᠦᠢᠴᠡᠳ ᠡᠵᠡᠮᠳᠡᠵᠦ᠂ | ᠵᠠᠷᠯᠢᠭ ᠢ ᠳᠠᠭᠠᠵᠤ᠂ ᠡᠷᠦᠬᠡ ᠶᠢᠨ ᠴᠡᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠭᠡᠷᠡᠯᠳᠦᠬᠦ ᠶᠢ | ᠠᠬᠢᠭᠤᠯᠬᠤ ᠬᠡᠷᠡᠭᠲᠡᠢ᠃ ᠮᠥᠷᠥᠨ ᠳᠡᠭᠡᠷᠡᠬᠢ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶ ᠲᠠᠨᠢᠵᠤ᠂ ᠶᠡᠭᠡ ᠲᠠᠯ᠎ᠠ ᠳᠤ | ᠦᠨᠡᠨ ᠬᠦ ᠰᠠᠶᠢᠲᠤᠷ ᠦᠢᠯᠡᠴᠢᠯᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠶᠡᠭᠡ ᠰᠢᠨ᠎ᠡ ᠬᠤᠪᠢ | ᠨᠡᠮᠡᠷᠢ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠨᠢ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠭᠤᠣᠯᠳᠠᠯᠭ᠎ᠠ ᠪᠣᠯᠤᠭᠰᠠᠨ ᠤ ᠬᠤᠪᠢ ᠳᠤ᠂ ᠡᠩ ᠤᠨ | ᠦᠶ᠎ᠡ ᠳᠤ ᠬᠠᠮᠤᠭ ᠠᠴᠠ ᠤᠯᠠᠨ ᠬᠡᠷᠡᠭᠯᠡᠬᠦ᠂ ᠵᠠᠩᠭᠢᠯᠠᠭ᠎ᠠ ᠶᠢᠨ ᠦᠶ᠎ᠡ ᠳᠤ ᠬᠠᠮᠤᠭ ᠤᠨ ᠲᠤᠰᠠᠲᠠᠢ ᠨᠢᠭᠡᠨ ᠡᠩᠨᠡᠭᠡ | ᠪᠣᠯᠤᠨ᠎ᠠ᠃ ᠲᠣᠰ ᠤᠳᠠᠭᠠᠨ ᠤ ᠰᠤᠷᠭᠠᠨ ᠬᠥᠮᠦᠵᠢᠯ ᠤᠨ ᠰᠤᠷᠤᠯᠴᠠᠯᠭ᠎ᠠ ᠶᠢᠨ ᠬᠤᠷᠠᠯ ᠢᠶᠠᠷ ᠳᠡᠮᠵᠢᠨ᠂ ᠡᠷᠦᠬᠡ ᠶᠢᠨ | ᠴᠡᠷᠢᠭ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ | ᠪᠥᠬᠦ ᠰᠢᠯᠢᠳᠡᠭ ᠡᠷᠦᠬᠡ ᠶᠢᠨ ᠴᠡᠷᠢᠭ ᠤᠨ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠪᠠ ᠬᠢᠷᠢ ᠲᠦᠪᠰᠢᠨ ᠢ | ᠳᠡᠭᠡᠭᠰᠢᠯᠡᠭᠦᠯᠦᠨ᠂ ᠪᠥᠬᠦ ᠡᠷᠦᠬᠡ ᠶᠢᠨ ᠴᠡᠷᠢᠭ ᠤᠨ ᠢᠲᠡᠭᠡᠯ ᠵᠣᠷᠢᠭ ᠢᠶᠠᠨ ᠪᠠᠲᠤᠳᠬᠠᠬᠤ ᠪᠠᠷ ᠴᠢᠷᠮᠠᠶᠢᠵᠤ᠂ ᠨᠠᠮ ᠤᠨ | ᠵᠢᠯᠣᠭᠤᠳᠤᠯᠭ᠎ᠠ ᠶᠢ ᠡᠷᠡᠰ ᠳᠠᠭᠠᠵᠤ᠂ ᠬᠡᠪ ᠰᠤᠷᠲᠠᠯ ᠰᠢᠯᠢᠳᠡᠭ ᠰᠠᠶᠢᠨ ᠪᠠᠶᠢᠵᠤ᠂ ᠣᠯᠠᠨ ᠲᠦᠮᠡᠨ ᠳᠤ | ᠦᠢᠯᠡᠴᠢᠯᠡᠵᠦ᠂ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠣᠯᠠᠨ ᠲᠦᠮᠡᠨ ᠳᠤ ᠦᠨᠡᠨ ᠰᠡᠳᠬᠢᠯ ᠠᠴᠠ ᠪᠠᠨ | ᠦᠢᠯᠡᠴᠢᠯᠡᠵᠦ᠂ ᠡᠷᠦᠬᠡ ᠶᠢᠨ ᠴᠡᠷᠢᠭ ᠤᠨ ᠠᠷᠠᠳ ᠤᠨ ᠲᠥᠯᠥᠭᠡ ᠵᠢᠳᠬᠦᠬᠦ ᠰᠠᠶᠢᠨ ᠰᠠᠶᠢᠬᠠᠨ ᠳᠦᠷᠢ ᠲᠥᠷᠬᠦ ᠶᠢ | ᠪᠣᠶ ᠪᠣᠯᠭᠠᠵᠤ᠂ ᠰᠢᠨ᠎ᠡ ᠴᠠᠭ ᠦᠶ᠎ᠡ ᠳᠤ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠰᠢᠨ᠎ᠡ ᠬᠤᠪᠢ ᠨᠡᠮᠡᠷᠢ | ᠦᠵᠡᠭᠦᠯᠬᠦ ᠶᠢ ᠱᠠᠭᠠᠷᠳᠠᠪᠠ᠃ | |