ᠵᠦᠪᠯᠡᠯᠭᠡᠨ ᠤ ︽ᠵᠢᠵᠢᠭ ᠲᠤᠯᠭᠠᠭᠤᠷᠢ︾ ᠨᠢ ᠦᠨᠳᠦᠰᠦᠨ ᠱᠠᠲᠤᠨ ᠤ ᠵᠠᠰᠠᠯᠲᠠ ᠶᠢᠨ ︽ᠶᠡᠭᠡ ᠠᠷᠠᠳ ᠤᠨ ᠠᠮᠢᠳᠤᠷᠠᠯ︾ ᠢ ᠬᠥᠭᠵᠢᠭᠡᠪᠡ
ᠨᠡᠶᠢᠲᠡᠯᠡᠭᠰᠡᠨ ᠴᠠᠭ᠄
2024/12/31
        ᠡᠨᠡ ᠵᠢᠯ ᠠᠴᠠ ᠨᠠᠭᠠᠰᠢ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠵᠦᠪᠯᠡᠬᠦ ᠠᠷᠠᠳᠴᠢᠯᠠᠯ ᠢᠶᠠᠷ ᠬᠡᠷᠡᠭ ᠵᠥᠪᠳᠡᠬᠦ ᠶᠠᠪᠤᠳᠠᠯ ᠢ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠰᠠᠭᠤᠭᠠᠯᠢ ᠠᠷᠠᠳ ᠬᠠᠮᠢᠭ᠎ᠠ ᠪᠠᠶᠢᠪᠠᠯ᠂ ᠵᠥᠪᠳᠡᠯᠴᠡᠨ ᠬᠡᠷᠡᠭ ᠵᠥᠪᠯᠡᠬᠦ ᠨᠢ ᠲᠡᠨᠳᠡ ᠪᠠᠶᠢᠬᠤ︾ ᠠᠵᠢᠯ ᠤᠨ ᠰᠡᠳᠭᠢᠴᠡ ᠶᠣᠰᠣᠭᠠᠷ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠂ ᠠᠵᠢᠯ ᠠᠴᠠ ᠪᠠᠨ ᠪᠠᠭᠤᠭᠰᠠᠨ ᠨᠠᠮ ᠤᠨ ᠭᠡᠰᠢᠭᠦᠨ᠂ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠬᠥᠮᠦᠰ ᠵᠡᠷᠭᠡ ᠳᠠᠪᠠᠭᠤᠯᠢᠭ ᠡᠬᠢ ᠪᠠᠶᠠᠯᠢᠭ ᠢ ᠠᠮᠢᠳᠤᠯᠢᠭᠵᠢᠭᠤᠯᠵᠤ᠂ ᠰᠠᠭᠤᠭᠠᠯᠢ ᠠᠷᠠᠳ ᠣᠯᠠᠨ ᠲᠦᠮᠡᠨ ᠤ ︽ᠰᠠᠨᠠᠭ᠎ᠠ ᠵᠣᠪᠠᠵᠤ ᠪᠠᠶᠢᠭ᠎ᠠ ᠤᠴᠢᠷ᠂ ᠰᠡᠳᠭᠢᠯ ᠵᠣᠪᠠᠵᠤ ᠪᠠᠶᠢᠭ᠎ᠠ ᠤᠴᠢᠷ︾ ᠢ ᠭᠤᠣᠯᠳᠠᠯᠭ᠎ᠠ ᠲᠠᠢ ᠰᠢᠢᠳᠪᠦᠷᠢᠯᠡᠪᠡ᠃ ᠠᠯᠢ ᠤᠯᠠᠨ ᠵᠥᠪᠯᠡᠬᠦ ᠠᠷᠠᠳᠴᠢᠯᠠᠯ ᠤᠨ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠪᠡ᠃        ︽ᠪᠢᠴᠢᠯ ᠨᠠᠷᠠᠲᠤ ᠲᠡᠮᠳᠡᠭᠲᠦ︾ ᠶᠢ ᠪᠣᠶ ᠪᠣᠯᠭᠠᠵᠤ ᠦᠨᠳᠦᠰᠦᠨ ᠱᠠᠲᠤᠨ ᠤ ᠵᠥᠪᠯᠡᠬᠦ ᠠᠷᠠᠳᠴᠢᠯᠠᠯ ᠤᠨ ︽ᠠᠯᠲᠠᠨ ᠫᠠᠶᠢᠰᠠ︾ ᠶᠢ ᠭᠡᠷᠡᠯᠲᠦᠭᠦᠯᠪᠡ        ᠰᠢᠭᠤᠶᠢᠲᠤ ᠵᠡᠭᠡᠯᠢ ᠭᠤᠳᠤᠮᠵᠢ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠢᠶ᠎ᠠ ᠨᠢ ᠣᠯᠠᠨ ᠲᠠᠯ᠎ᠠ ᠪᠠᠷ ᠪᠠᠢᠷᠢᠯᠠᠭᠤᠯᠵᠤ ᠰᠢᠨ᠎ᠡ ᠶᠢ ᠡᠭᠦᠳᠬᠦ ᠪᠠᠷ ᠳᠠᠮᠵᠢᠭᠤᠯᠤᠨ ︽ᠨᠢᠭᠤᠷᠳᠠᠨ ᠵᠥᠪᠳᠡᠯᠴᠡᠬᠦ︾ ᠬᠡᠷᠡᠭ ᠵᠥᠪᠯᠡᠬᠦ ᠨᠡᠷᠡᠲᠦ ᠲᠡᠮᠳᠡᠭ ᠢ ᠡᠭᠦᠳᠴᠦ᠂ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠬᠠᠷᠢᠯᠴᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠪᠡ᠃ ︽ᠨᠢᠭᠤᠷᠳᠠᠨ ᠵᠥᠪᠳᠡᠯᠴᠡᠬᠦ︾ ᠪᠠᠷ ᠳᠠᠮᠵᠢᠭᠤᠯᠤᠨ᠂ ᠭᠡᠷ ᠪᠦᠯᠢ ᠶᠢᠨ ᠵᠢᠭᠤᠷᠠᠯᠳᠤᠭᠠᠨ ᠠᠴᠠ ᠵᠢᠵᠢᠭ ᠲᠣᠭᠤᠷᠢᠭ ᠢ ᠵᠠᠰᠠᠬᠤ ᠬᠦᠷᠲᠡᠯ᠎ᠡ᠂ ᠪᠠᠭ᠎ᠠ ᠠᠰᠠᠭᠤᠳᠠᠯ ᠢ ᠨᠡᠪᠲᠡᠷᠡᠯᠴᠡᠨ ᠰᠢᠢᠳᠪᠦᠷᠢᠯᠡᠵᠦ᠂ ᠶᠡᠭᠡ ᠠᠰᠠᠭᠤᠳᠠᠯ ᠢ ᠬᠤᠷᠢᠶᠠᠩᠭᠤᠶᠢᠯᠠᠨ ᠳᠡᠭᠡᠭᠰᠢ ᠮᠡᠳᠡᠭᠦᠯᠵᠦ᠂ ᠤᠯᠠᠨ ᠢ ᠳᠤᠲᠠᠭᠤ ᠭᠦᠶᠦᠯᠭᠡᠵᠦ ᠢᠯᠡᠭᠦᠬᠡᠨ ᠤᠴᠢᠷ ᠶᠠᠪᠤᠳᠠᠯ ᠭᠦᠢᠴᠡᠳᠬᠡᠪᠡ᠃ ᠫᠠᠨ ᠱᠠᠨ ᠵᠠᠮ ᠤᠨ ᠵᠠᠮ ᠢ ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳᠣᠯᠣᠳᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡ ᠶᠢ ᠰᠢᠨ᠎ᠡ ᠪᠠᠷ ᠰᠣᠯᠢᠵᠤ ᠰᠦᠢᠳᠬᠡᠯ ᠢ ᠪᠠᠭᠤᠷᠠᠭᠤᠯᠬᠤ ᠥᠷᠲᠡᠭᠡ ᠨᠡᠮᠡᠵᠦ᠂ ᠠᠨ ᠵᠢᠤᠢ ᠰᠠᠭᠤᠭᠠᠯᠢ ᠲᠣᠭᠤᠷᠢᠭ ᠤᠨ ᠭᠡᠷ ᠤᠨ ᠣᠷᠣᠢ ᠵᠡᠷᠭᠡ 10 ᠭᠠᠷᠤᠢ ᠵᠦᠢᠯ ᠤᠨ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤᠮᠳᠠ ᠢᠳᠡᠪᠬᠢᠲᠡᠢ ᠴᠢᠬᠤᠯᠠ ᠦᠢᠯᠡᠳᠦᠯ ᠦᠵᠡᠭᠦᠯᠪᠡ᠃ ᠡᠨᠡ ᠬᠦ ︽ᠵᠢᠵᠢᠭ ᠵᠦᠪᠲᠠᠯᠴᠠᠭᠦ︾ ᠰᠢᠨ᠎ᠠ ᠬᠡᠯᠪᠠᠷᠢ ᠨᠢ ᠤᠯᠤᠰ ᠳᠦᠷᠤ ᠶᠢᠨ ᠵᠦᠪᠯᠡᠯᠭᠡᠨ ᠤ ᠬᠡᠰᠢᠭᠦᠣᠠ ᠪᠠ ᠣᠯᠠᠨ ᠳᠦᠮᠠᠨ ᠤ ᠥᠷᠭᠡᠨ ᠬᠦᠷᠢᠶᠡᠯᠡᠯ ᠢ ᠬᠦᠷᠲᠡᠪᠡ᠃        ︽ᠪᠢᠴᠢᠯ ᠲᠠᠪᠴᠠᠩ︾ ᠢ ᠪᠠᠶᠢᠭᠤᠯᠵᠤ ᠦᠨᠳᠦᠰᠦᠨ ᠱᠠᠲᠤᠨ ᠤ ᠵᠥᠪᠯᠡᠬᠦ ᠠᠷᠠᠳᠴᠢᠯᠠᠯ ᠤᠨ ︽ᠰᠢᠨ᠎ᠡ ᠠᠮᠢᠵᠢᠷᠠᠯ ᠤᠨ ᠬᠦᠴᠦᠨ︾ ᠢ ᠬᠥᠭᠵᠢᠭᠡᠪᠡ        ︽ᠠᠨ ᠵᠢᠤᠢ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠬᠡᠰᠡᠭ ᠵᠠᠮ ᠤᠨ ᠳ᠋ᠧᠩ ᠤᠨ ᠰᠠᠭᠠᠳ ᠨᠢ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠨᠥᠯᠥᠭᠡᠯᠡᠪᠡ᠃ ᠡᠨᠡ ᠬᠦ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠪᠢᠳᠡ ᠨᠡᠶᠢᠭᠡᠮ ᠲᠣᠭᠤᠷᠢᠭ ᠤᠨ ᠬᠡᠷᠡᠭ ᠵᠥᠪᠯᠡᠬᠦ ᠬᠤᠷᠠᠯ ᠢ ᠬᠤᠷᠠᠯᠳᠤᠭᠤᠯᠵᠤ᠂ ᠰᠡᠯᠪᠢᠨ ᠵᠠᠰᠠᠬᠤ ᠳᠤ ᠬᠠᠷᠢᠶᠠᠯᠠᠭᠳᠠᠬᠤ ᠠᠰᠠᠭᠤᠳᠠᠯ ᠤᠨ ᠲᠤᠬᠠᠶ ᠵᠥᠪᠳᠡᠯᠴᠡᠨ ᠨᠤᠲᠠᠯᠠᠪᠠ᠃ ᠠᠳᠠᠯ ᠠᠬᠤᠢ ᠶᠢ ᠢᠳᠡᠪᠬᠢᠲᠡᠢ ᠵᠣᠬᠢᠴᠠᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠲᠡᠷᠢᠭᠦᠨ ᠪᠠᠶᠢᠷᠢᠨ ᠳᠤ ᠪᠠᠶᠢᠬᠤ ᠶᠢ ᠴᠢᠬᠤᠯᠠᠴᠢᠯᠠᠵᠤ᠂ ᠡᠷᠬᠡ ᠬᠠᠷᠢᠭᠤᠴᠠᠯᠭ᠎ᠠ ᠶᠢᠨ ᠠᠰᠠᠭᠤᠳᠠᠯ ᠢ ᠲᠣᠳᠤᠷᠬᠠᠶᠢᠯᠠᠪᠠ᠂ ᠵᠥᠪᠳᠡᠯᠴᠡᠬᠦ ᠪᠠᠷ ᠳᠠᠮᠵᠢᠨ᠂ ᠠᠳᠠᠯ ᠠᠬᠤᠢ ᠳᠠᠷᠤᠶᠢᠬᠠᠨ ᠵᠠᠮ ᠤᠨ ᠳ᠋ᠧᠩ ᠢ ᠰᠡᠯᠪᠢᠨ ᠵᠠᠰᠠᠵᠤ᠂ ᠠᠰᠠᠭᠤᠳᠠᠯ ᠰᠢᠢᠳᠪᠦᠷᠢᠯᠡᠭᠳᠡᠪᠡ︾ ᠭᠡᠵᠦ ᠰᠢᠨ ᠸᠠᠩ ᠨᠡᠶᠢᠭᠡᠮ ᠲᠣᠭᠤᠷᠢᠭ ᠤᠨ ᠱᠦᠵᠢ ᠹᠧᠩ ᠵᠢᠶᠠ ᠡᠾᠦ᠋ᠢ ᠬᠡᠯᠡᠪᠡ᠃ ᠡᠶᠢᠮᠦᠷᠬᠦᠦ ᠠᠷᠠᠳᠴᠢᠯᠠᠯ ᠢᠶᠠᠷ ᠵᠥᠪᠳᠡᠯᠴᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠨᠢ ᠵᠥᠪᠬᠡᠨ ᠰᠢᠭᠤᠶᠢᠲᠤ ᠵᠡᠭᠡᠯᠢ ᠭᠤᠳᠤᠮᠵᠢ ᠵᠢᠴᠢ ᠰᠢᠨ ᠸᠠᠩ ᠨᠡᠶᠢᠭᠡᠮ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠶᠢ ᠦᠨᠳᠦᠰᠦᠨ ᠱᠠᠳᠤ ᠲᠡᠶᠢᠰᠢ ᠤᠷᠲᠤᠳᠬᠠᠬᠤ ᠶᠢ ᠠᠬᠢᠭᠤᠯᠬᠤ ᠠᠵᠢᠯ ᠤᠨ ᠬᠤᠷᠢᠶᠠᠩᠭᠤᠶ ᠳᠦᠷᠰᠦ ᠲᠡᠳᠦᠢ ᠶᠤᠮ᠃ ᠵᠡᠭᠡᠯᠢ ᠭᠤᠳᠤᠮᠵᠢ ᠶᠢᠨ ᠬᠢᠨ ︽ᠨᠢᠭᠤᠷᠳᠠᠨ ᠵᠥᠪᠳᠡᠯᠴᠡᠬᠦ︾ ᠬᠡᠷᠡᠭ ᠵᠥᠪᠯᠡᠬᠦ ᠲᠠᠰᠤᠭ᠂ ᠰᠦᠯᠵᠢᠶᠡᠨ ᠤ ᠵᠦᠪᠯᠡᠯᠭᠡᠨ ᠤ ᠵᠥᠪᠯᠡᠯ᠂ ᠠᠭᠤᠷᠬᠠᠢ ᠶᠢᠨ ᠰᠣᠶᠣᠯ ᠰᠡᠯᠡᠭᠦᠴᠡᠯ ᠤᠨ ᠲᠠᠯᠠᠪᠠᠶ ᠶᠢᠨ ᠰᠠᠭᠤᠭᠠᠯᠢ ᠠᠷᠠᠳ ᠤᠨ ᠬᠡᠷᠡᠭ ᠵᠥᠪᠯᠡᠬᠦ ᠲᠢᠩᠬᠢᠮ ᠵᠡᠷᠭᠡ ᠲᠠᠪᠴᠠᠩ ᠳᠤ ᠲᠦᠰᠢᠭᠯᠡᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠭᠠᠴᠢᠯᠠᠭ᠎ᠠ ᠠᠴᠠ ᠪᠠᠨ ᠬᠡᠷᠡᠭ ᠵᠥᠪᠯᠡᠬᠦ ᠲᠠᠪᠴᠠᠩ ᠢᠶᠠᠷ ᠳᠠᠮᠵᠢᠭᠤᠯᠤᠨ ᠦᠨᠳᠦᠰᠦᠨ ᠱᠠᠲᠤᠨ ᠤ ᠵᠥᠪᠳᠡᠯᠴᠡᠭᠡ ᠳᠤ ᠣᠷᠣᠯᠴᠠᠬᠤ ᠶᠢ ᠬᠥᠲᠥᠯᠥᠨ ᠵᠢᠯᠣᠭᠤᠳᠴᠤ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠪᠡ         ︽ᠪᠢᠴᠢᠯ ᠵᠥᠪᠯᠡᠯᠭᠡ︾ ᠶᠢ ᠥᠷᠨᠢᠭᠦᠯᠵᠦ ᠦᠨᠳᠦᠰᠦᠨ ᠱᠠᠲᠤᠨ ᠤ ᠵᠥᠪᠯᠡᠬᠦ ᠠᠷᠠᠳᠴᠢᠯᠠᠯ ᠤᠨ ︽ᠶᠡᠭᠡ ᠵᠣᠬᠢᠶᠠᠯ︾ ᠢ ᠪᠢᠴᠢᠭᠯᠡᠪᠡ        ︽ᠨᠠᠮ ᠵᠠᠰᠠᠭ ᠤᠨ ᠬᠡᠷᠡᠭᠴᠡᠭᠡ᠂ ᠠᠷᠠᠳ ᠣᠯᠠᠨ ᠤ ᠬᠦᠰᠡᠯ᠂ ᠤᠯᠤᠰ ᠲᠥᠷᠥ ᠶᠢᠨ ᠵᠥᠪᠯᠡᠯᠭᠡᠨ ᠤ ᠳᠠᠷᠤᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ ︽ᠠᠷᠠᠳ ᠣᠯᠠᠨ ᠤ ᠲᠠᠩᠰᠠ ᠡᠪᠬᠡᠮᠡᠯ ᠤᠨ ︽ᠲᠣᠭᠤᠷᠢᠨ ᠪᠠᠶᠢᠴᠠᠭᠠᠬᠤ᠂ ᠰᠤᠷᠪᠤᠯᠵᠢᠯᠠᠬᠤ᠂ ᠬᠢᠬᠦ᠂ ᠮᠡᠳᠡᠭᠦᠯᠬᠦ᠂ ᠲᠡᠮᠳᠡᠭᠯᠡᠬᠦ᠂ ᠰᠢᠪᠠᠳᠠᠬᠤ︾ ᠵᠢᠷᠭᠤᠭᠠᠨ ᠥᠰᠥᠭ ᠤᠨ ᠠᠵᠢᠯ ᠤᠨ ᠠᠷᠭ᠎ᠠ ᠶᠢ ᠪᠠᠶᠢᠭᠤᠯᠵᠤ᠂ ᠵᠥᠪᠯᠡᠬᠦ ᠰᠡᠳᠦᠪ ᠢ ᠨᠠᠷᠢᠨ ᠰᠣᠩᠭᠤᠵᠤ᠂ ︽ᠵᠡᠭᠡᠯᠢ ᠭᠤᠳᠤᠮᠵᠢ ᠳᠤ ᠬᠡᠷᠡᠭ ᠡᠷᠬᠢᠯᠡᠬᠦ ᠭᠠᠵᠠᠷ ᠪᠠᠶᠢᠭᠤᠯᠵᠤ᠂ ᠤᠯᠤᠰ ᠲᠥᠷᠥ ᠶᠢᠨ ᠵᠥᠪᠯᠡᠯᠭᠡᠨ ᠳᠤ ᠰᠢᠭᠢᠳᠬᠡᠬᠦ︾ ᠬᠡᠯᠪᠡᠷᠢ ᠪᠠᠷ ᠳᠠᠮᠵᠢᠭᠤᠯᠤᠨ᠂ ᠲᠠᠯᠠᠪᠠᠶ ᠳᠡᠭᠡᠷ᠎ᠡ᠂ ᠠᠰᠠᠷ ᠲᠠᠭᠲᠤ ᠶᠢᠨ ᠳᠤᠮᠳᠠ ᠬᠥᠭᠦᠷᠭᠡ ᠬᠤᠯᠪᠣᠭᠠᠰᠤ ᠪᠣᠯᠬᠤ ᠬᠡᠯᠪᠡᠷᠢ ᠶᠢᠨ ᠵᠥᠪᠯᠡᠯᠭᠡ᠂ ᠵᠥᠷᠢᠴᠡᠯ ᠢ ᠡᠶᠡᠳᠡᠭᠦᠯᠬᠦ ᠬᠡᠯᠪᠡᠷᠢ ᠶᠢᠨ ᠵᠥᠪᠯᠡᠯᠭᠡ ᠬᠢᠬᠦ ᠵᠡᠷᠭᠡ ︽ᠪᠢᠴᠢᠯ ᠵᠥᠪᠯᠡᠯᠭᠡ︾ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠷᠡᠭ ᠵᠥᠪᠯᠡᠵᠦ ᠵᠥᠪᠳᠡᠯᠴᠡᠬᠦ ᠦᠷ᠎ᠡ ᠳ᠋ᠦᠩ ᠢ ᠰᠠᠭᠤᠭᠠᠯᠢ ᠠᠷᠠᠳ ᠤᠨ ᠬᠦᠰᠡᠯ ᠡᠷᠡᠮᠡᠯᠵᠡᠯ ᠳᠤ ᠨᠡᠶᠢᠴᠡᠭᠦᠯᠦᠨ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠴᠢᠷᠮᠠᠶᠢᠪᠠ᠃ ᠡᠨᠡ ᠵᠢᠯ ᠠᠴᠠ ᠨᠠᠭᠠᠰᠢ᠂ ᠲᠦᠭᠡᠭᠡᠯ ᠤᠰᠤᠨ ᠤ ᠴᠢᠨᠠᠷ᠂ ᠵᠠᠮ ᠤᠨ ᠳ᠋ᠧᠩ ᠭᠡᠷᠡᠯᠳᠦᠬᠦ ᠦᠭᠡᠢ᠂ ᠵᠢᠵᠢᠭ ᠠᠭᠤᠳᠠᠮ ᠲᠠᠯᠠᠪᠠᠢ ᠶᠢᠨ ᠨᠣᠭᠤᠭᠠᠨ ᠤᠷᠭᠤᠮᠠᠯ ᠬᠤᠪᠠᠭ᠋ᠠᠶᠢᠷᠠᠵᠤ ᠦᠬᠦᠬᠦ᠂ ᠴᠠᠬᠢᠯᠭᠠᠨ ᠴᠡᠨᠡᠭᠯᠡᠬᠦ ᠪᠠᠭᠠᠨ᠎ᠠ ᠶᠢ ᠤᠭᠰᠠᠷᠠᠬᠤ ᠵᠡᠷᠭᠡ ᠰᠠᠭᠤᠭᠠᠯᠢ ᠠᠷᠠᠳ᠂ ᠳᠣᠯᠣᠳᠤᠭᠠᠷ ᠵᠠᠮ ᠤᠨ ᠲᠡᠷᠭᠡᠨ ᠤ ᠨᠡᠶᠢᠲᠡ ᠶᠢᠨ ᠮᠠᠰᠢᠨ ᠲᠡᠷᠭᠡᠨ ᠤ ᠦᠷᠳᠡᠭᠡ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢ 16 ᠵᠤᠷᠪᠤᠰ ᠴᠤᠭᠯᠠᠭᠤᠯᠤᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠲᠤᠪᠤᠶᠢᠮ᠎ᠠ ᠠᠰᠠᠭᠤᠳᠠᠯ ᠢ 16 ᠬᠤᠪᠢ ᠵᠥᠪᠳᠡᠯᠴᠡᠨ ᠰᠢᠢᠳᠪᠦᠷᠢᠯᠡᠪᠡ᠂ ᠡᠭᠦᠨ ᠳᠤ ᠬᠤᠲᠠ ᠶᠢᠨ ᠬᠠᠮᠢᠶᠠᠷᠤᠯᠲᠠ ᠳᠤ ᠬᠤᠯᠪᠤᠭᠳᠠᠬᠤ 2 ᠬᠤᠪᠢ᠂ ᠰᠠᠭᠤᠭᠠᠯᠢ ᠠᠷᠠᠳ ᠤᠨ ᠦᠢᠯᠡᠴᠢᠯᠡᠭᠡ ᠳᠤ ᠬᠤᠯᠪᠤᠭᠳᠠᠬᠤ 14 ᠬᠤᠪᠢ᠂ ᠵᠥᠪᠳᠡᠯᠴᠡᠨ ᠵᠥᠪᠯᠡᠬᠦ ᠦᠢᠯᠡᠳᠦᠯ ᠢ ᠦᠨᠡᠨ ᠬᠦ ᠨᠢᠭᠡᠳᠦᠭᠡᠷ ᠹᠷᠣᠨᠲ ᠲᠤ ᠪᠠᠳᠠᠷᠠᠭᠤᠯᠵᠤ᠂ ᠨᠢᠭᠡᠳᠦᠭᠡᠷ ᠹᠷᠣᠨᠲ ᠲᠤ ᠢᠯᠡᠷᠡᠭᠦᠯᠪᠡ᠃        ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠵᠥᠪᠯᠡᠯ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠠᠵᠢᠯ ᠤᠨ ᠭᠤᠣᠯᠳᠠᠯᠭ᠎ᠠ᠂ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠣᠯᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠠᠯᠠᠮᠰᠢᠯ ᠠᠰᠠᠭᠤᠳᠠᠯ ᠤᠨ ᠲᠣᠭᠤᠷᠢᠨ ᠳᠤ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠤᠨ ᠳᠠᠪᠠᠭᠤᠯᠢᠭ ᠢ ᠪᠠᠳᠠᠷᠠᠭᠤᠯᠬᠤ ᠶᠢ ᠢᠳᠡᠪᠬᠢᠲᠡᠢ ᠰᠦᠪᠡᠭᠴᠢᠯᠡᠵᠦ᠂ ᠵᠥᠪᠯᠡᠬᠦ ᠠᠷᠠᠳᠴᠢᠯᠠᠯ ᠤᠨ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠬᠦᠯᠵᠦ᠂ ᠵᠥᠪᠯᠡᠬᠦ ᠠᠷᠠᠳᠴᠢᠯᠠᠯ ᠪᠣᠯᠤᠨ ᠨᠡᠶᠢᠭᠡᠮ ᠤᠨ ᠵᠠᠰᠠᠯᠲᠠ ᠶᠢ ᠤᠶᠠᠯᠳᠤᠭᠤᠯᠬᠤ ᠪᠦᠲᠦᠮᠵᠢᠲᠡᠢ ᠠᠷᠭ᠎ᠠ ᠵᠠᠮ ᠢ ᠠᠬᠢᠭᠤᠯᠵᠤ᠂ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠰᠠᠭᠠᠳ ᠢ ᠨᠡᠪᠲᠡᠷᠡᠭᠦᠯᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠪᠠᠷ ᠬᠦᠴᠦᠯᠡᠬᠦ ᠴᠡᠭ ᠪᠣᠯᠭᠠᠵᠤ᠂ ᠦᠨᠳᠦᠰᠦᠨ ᠱᠠᠲᠤᠨ ᠤ ︽ᠪᠢᠴᠢᠯ ᠵᠥᠪᠯᠡᠯᠭᠡ︾ ᠪᠠᠷ ᠨᠡᠶᠢᠭᠡᠮ ᠤᠨ ︽ᠶᠡᠭᠡ ᠵᠠᠰᠠᠯᠲᠠ︾ ᠶᠢ ᠠᠬᠢᠭᠤᠯᠵᠤ᠂ ᠤᠯᠠᠨ ᠲᠦᠮᠡᠨ ᠲᠠᠢ ᠬᠠᠷᠢᠯᠴᠠᠬᠤ ︽ᠰᠡᠳᠬᠢᠯ ᠤᠨ ᠬᠥᠭᠦᠷᠭᠡ ︾ ᠶᠢ ᠴᠣᠭᠴᠠᠯᠠᠬᠤ ᠪᠣᠯᠤᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号