ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠪᠣᠯ ᠨᠢᠭᠡ | ᠵᠦᠢᠯ ᠤᠨ ᠬᠤᠷᠢᠭ᠎ᠠ ᠱᠤᠭᠤᠮ ᠢ ᠰᠠᠬᠢᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠭᠤᠨ ᠢ ᠠᠬᠢᠭᠤᠯᠬᠤ | ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ 2025 ᠣᠨ ᠤ ᠦᠨᠳᠦᠰᠦᠨ ᠡᠮᠴᠢᠯᠡᠭᠡᠨ ᠤ | ᠳᠠᠭᠠᠳᠬᠠᠯ ᠳᠤ ᠣᠷᠣᠯᠴᠠᠬᠤ ᠠᠵᠢᠯ ᠪᠠ ᠡᠮ ᠡᠮᠨᠡᠯᠭᠡ ᠶᠢᠨ ᠳᠠᠭᠠᠳᠬᠠᠯ ᠤᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠠᠳᠬᠤᠬᠤ ᠶᠢᠨ ᠲᠥᠯᠥᠭᠡ᠂ ᠴᠠᠭ ᠤᠨ | ᠵᠠᠩᠭᠢᠯᠠᠭ᠎ᠠ ᠶᠢᠨ ᠴᠡᠭ ᠪᠠ ᠭᠦᠢᠴᠡᠳᠬᠡᠯ ᠲᠤᠭ᠎ᠠ ᠶᠢᠨ ᠠᠬᠢᠴᠠ ᠶᠢ ᠴᠢᠩᠭ᠎ᠠ ᠡᠵᠡᠮᠳᠡᠵᠦ᠂ 12 ᠳ᠋ᠤᠭᠠᠷ ᠰᠠᠷ᠎ᠠ ᠶᠢᠨ | 23 ᠤ ᠡᠳᠦᠷ ᠠᠴᠠ ᠡᠬᠢᠯᠡᠨ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠦᠯᠬᠦᠮ ᠳᠠᠭᠠᠭᠤᠯᠵᠤ᠂ | ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ | ᠬᠠᠷᠢᠶ᠎ᠠ ᠣᠷᠣᠨ ᠤ ᠡᠯ᠎ᠡ ᠵᠡᠭᠡᠯᠢ ᠭᠤᠳᠤᠮᠵᠢ᠂ ᠰᠤᠮᠤ᠂ ᠪᠠᠯᠭᠠᠰᠤᠨ ᠳᠤ ᠭᠦᠨᠵᠡᠭᠡᠶᠢᠷᠡᠨ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠠᠬᠢᠭᠤᠯᠪᠠ᠃ | ᠨᠢᠭᠡ᠂ ᠦᠨᠳᠦᠰᠦᠨ ᠱᠠᠲᠤᠨ ᠳᠤ ᠰᠤᠷᠪᠤᠯᠵᠢᠯᠠᠵᠤ᠂ ᠳᠠᠭᠠᠳᠬᠠᠯ ᠳᠤ ᠣᠷᠣᠯᠴᠠᠭᠰᠠᠨ ᠪᠣᠳᠠᠲᠤ ᠪᠠᠶᠢᠳᠠᠯ ᠢ | ᠲᠣᠳᠣᠷᠬᠠᠶ ᠣᠶᠢᠯᠠᠭᠠᠪᠠ | ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠡᠯ᠎ᠡ ᠵᠡᠭᠡᠯᠢ ᠭᠤᠳᠤᠮᠵᠢ᠂ ᠰᠤᠮᠤ᠂ ᠪᠠᠯᠭᠠᠰᠤᠨ ᠳᠤ ᠭᠦᠨᠵᠡᠭᠡᠶᠢᠷᠡᠵᠦ᠂ ᠡᠯ᠎ᠡ ᠬᠠᠷᠢᠶ᠎ᠠ ᠭᠠᠵᠠᠷ ᠤᠨ ᠨᠢᠭᠡᠳᠦᠭᠡᠷ | ᠹᠷᠣᠨᠲ ᠤᠨ ᠠᠵᠢᠯᠲᠠᠨ ᠲᠠᠢ ᠶᠠᠷᠢᠯᠴᠠᠬᠤ ᠪᠠᠷ ᠳᠠᠮᠵᠢᠨ᠂ ᠦᠨᠳᠦᠰᠦᠨ ᠱᠠᠲᠤᠨ ᠤ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ ᠶᠢ ᠲᠦᠯᠬᠢᠨ ᠠᠬᠢᠭᠤᠯᠬᠤ ᠶᠢᠨ ᠬᠦᠴᠢᠷᠳᠡᠯ ᠪᠠ ᠲᠦᠭᠵᠢᠷᠡᠯ ᠢ ᠣᠶᠢᠯᠠᠭᠠᠬᠤ ᠶᠢᠨ ᠬᠠᠮᠲᠤ | ᠵᠡᠭᠡᠯᠢ ᠪᠠᠯᠭᠠᠰᠤ ᠲᠠᠢ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠦᠪᠡᠭᠴᠢᠯᠡᠨ ᠲᠡᠭᠦᠯᠳᠡᠷᠵᠢᠭᠦᠯᠵᠦ᠂ | ᠲᠥᠷᠥ ᠶᠢᠨ ᠪᠣᠳᠣᠯᠭ᠎ᠠ ᠶᠢ ᠦᠨᠡᠨ ᠬᠦ ᠣᠯᠠᠨ ᠲᠦᠮᠡᠨ ᠤ ᠳᠡᠷᠭᠡᠳᠡ ᠬᠦᠷᠭᠡᠪᠡ᠃ | | | | | ᠬᠤᠶᠠᠷ᠂ ᠲᠠᠨᠢᠯᠲᠠ ᠪᠠᠨ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠬᠤ ᠬᠠᠷᠠᠯᠲᠠ ᠶᠢ ᠴᠢᠩᠭ᠎ᠠ | ᠠᠩᠬᠠᠷᠪᠠ | ᠡᠯ᠎ᠡ ᠬᠠᠷᠢᠶ᠎ᠠ ᠭᠠᠵᠠᠷ ᠤᠨ ᠬᠢᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠬᠤᠷᠢᠶᠠᠬᠤ ᠠᠵᠢᠯ ᠤᠨ | ᠲᠤᠰᠬᠠᠶ ᠰᠡᠳᠦᠪᠲᠦ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠠᠵᠢᠯ ᠢ ᠳᠠᠬᠢᠨ ᠪᠠᠶᠢᠷᠢᠯᠠᠭᠤᠯᠵᠤ᠂ ᠳᠠᠬᠢᠨ ᠳᠠᠷᠤᠯᠲᠠ ᠥᠭᠴᠦ᠂ | ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠣᠷᠣᠯᠴᠠᠬᠤ ᠶᠣᠰᠣᠲᠠᠶ ᠶᠢ ᠨᠢ ᠪᠦᠬᠦᠨ ᠢ ᠣᠷᠣᠯᠴᠠᠭᠤᠯᠵᠤ᠂ ᠲᠤᠰᠢᠶᠠᠬᠤ ᠶᠣᠰᠣᠲᠠᠶ ᠶᠢ ᠨᠢ | ᠪᠦᠬᠦᠨ ᠢ ᠲᠤᠰᠢᠶᠠᠬᠤ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠪᠡ᠃ ᠡᠯ᠎ᠡ ᠬᠠᠷᠢᠶ᠎ᠠ ᠭᠠᠵᠠᠷ ᠣᠷᠣᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠬᠦᠷᠭᠡᠭᠰᠡᠨ | ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ ᠤᠨ ᠨᠡᠷᠡᠰ ᠬᠢᠭᠡᠳ ᠡᠯ᠎ᠡ ᠲᠣᠰᠬᠤᠨ ᠤ ᠬᠥᠮᠦᠨ ᠠᠮᠠ ᠯᠤᠭ᠎ᠠ | ᠬᠠᠷᠢᠴᠠᠭᠤᠯᠵᠦ᠂ ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ ᠢ ᠲᠣᠳᠣᠷᠬᠠᠶᠢᠯᠠᠨ᠂ ᠡᠭᠦᠷᠭᠡ ᠪᠠᠨ | ᠨᠠᠷᠢᠯᠢᠬᠵᠢᠭᠤᠯᠵᠤ᠂ ᠲᠣᠰ ᠲᠣᠰ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠷᠠᠯᠲᠠ ᠲᠠᠢ ᠪᠠᠷ | ᠬᠦᠴᠦᠯᠡᠵᠦ᠂ ᠬᠡᠰᠡᠭ ᠬᠤᠪᠢᠶᠠᠨ ᠳᠤᠭᠤᠶᠢᠯᠠᠩ ᠬᠤᠪᠢᠶᠠᠨ ᠳᠠᠶᠢᠴᠢᠯᠠᠵᠤ᠂ ᠡᠮᠴᠢᠯᠡᠭᠡᠨ ᠤ ᠳᠠᠭᠠᠳᠬᠠᠯ ᠤᠨ | ᠰᠦᠢᠳᠭᠡᠯ ᠲᠤᠰᠢᠶᠠᠬᠤ ᠠᠵᠢᠯ ᠢ ᠡᠮᠬᠢ ᠵᠢᠷᠤᠮ ᠲᠠᠢ ᠬᠦᠴᠦᠲᠡᠶ ᠠᠬᠢᠭᠤᠯᠬᠤ ᠶᠢ ᠦᠨᠡᠨ ᠬᠦ ᠪᠠᠲᠤᠯᠠᠪᠠ᠃ | | | ᠭᠤᠷᠪᠠ᠂ ᠭᠤᠤᠯᠳᠠᠯᠭ᠎ᠠ ᠶᠢ ᠴᠢᠩᠭ᠎ᠠ ᠠᠩᠬᠠᠷᠴᠤ᠂ ᠤᠬᠠᠭᠤᠯᠭ᠎ᠠ ᠶᠢᠨ ᠠᠷᠭ᠎ᠠ ᠬᠡᠮᠵᠢᠶ᠎ᠡ ᠶᠢ | ᠪᠠᠶᠠᠯᠢᠭᠵᠢᠭᠤᠯᠪᠠ | | | ᠡᠯ᠎ᠡ ᠬᠠᠷᠢᠶ᠎ᠠ ᠭᠠᠵᠠᠷ ᠤᠨ ᠬᠢᠨ ᠲᠣᠰᠬᠤᠨ ︵ᠰᠠᠭᠤᠭᠠᠯᠢ︶ ᠤ ᠠᠵᠢᠯᠲᠠᠳ ᠢ ᠵᠣᠬᠢᠶᠠᠨ ᠪᠠᠶᠢᠭᠤᠯᠵᠤ | ᠳ᠋ᠢᠶᠠᠩᠬᠤᠸᠠ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠸᠢᠴᠠᠲ ᠵᠡᠷᠭᠡ ᠠᠷᠭ᠎ᠠ ᠮᠠᠶ᠋ᠢᠭ ᠢ ᠠᠪᠴᠤ᠂ | ᠲᠥᠷᠥ ᠶᠢᠨ ᠪᠣᠳᠣᠯᠭ᠎ᠠ ᠶᠢ ᠨᠢᠭᠡᠳ ᠨᠢᠭᠡ ᠪᠠᠷ ᠤᠬᠠᠭᠤᠯᠤᠨ ᠪᠣᠳᠠᠲᠠᠶᠢᠵᠢᠭᠤᠯᠵᠤ᠂ ᠴᠢᠭ ᠠᠴᠠ ᠴᠡᠭ ᠲᠤ ᠬᠦᠷᠴᠦ | ᠭᠤᠤᠯᠳᠠᠯᠭ᠎ᠠ ᠪᠣᠯᠬᠤ ᠬᠥᠮᠦᠰ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠬᠠᠪᠰᠤᠷᠤᠨ | ᠵᠢᠯᠣᠭᠤᠳᠴᠤ᠂ ︽ᠣᠨᠴᠠᠭᠠᠶ ᠬᠦᠴᠢᠷᠳᠡᠯᠲᠡᠶ ᠬᠥᠮᠦᠰ︾ ᠤᠨ ᠣᠲᠣ ᠶᠢᠨ ᠪᠠᠶᠢᠭ᠎ᠠ ᠦᠯᠡᠳᠡᠭᠡᠯ ᠵᠠᠭᠤᠨ ᠤ ᠵᠠᠭᠤ ᠪᠠᠷ | ᠳᠠᠭᠠᠳᠬᠠᠯ ᠳᠤ ᠣᠷᠣᠯᠴᠠᠬᠤ ᠶᠢ ᠦᠨᠡᠨ ᠬᠦ ᠪᠠᠲᠤᠯᠠᠵᠤ᠂ ᠦᠷᠭᠦᠯᠵᠢᠯᠡᠨ ᠣᠷᠤᠯᠴᠠᠬᠤ᠂ ᠳᠠᠭᠠᠳᠬᠠᠯ ᠢ | ᠲᠠᠰᠤᠯᠳᠠᠭᠤᠯᠵᠤ ᠳᠠᠭᠠᠳᠬᠠᠯ ᠢ ᠭᠤᠭᠤᠵᠢᠭᠳᠠᠬᠤ ᠬᠥᠮᠦᠰ ᠵᠡᠷᠭᠡ ᠵᠠᠩᠭᠢᠯᠠᠭ᠎ᠠ ᠶᠢᠨ ᠨᠡᠮᠡᠭᠳᠡᠯ ᠤᠨ ᠬᠡᠮᠵᠢᠶ᠎ᠡ ᠶᠢᠨ | ᠭᠤᠤᠯᠳᠠᠯᠭ᠎ᠠ ᠲᠠᠢ ᠰᠢᠪᠲᠤᠯᠤᠯᠲᠠ ᠶᠢ ᠠᠳᠬᠤᠵᠤ᠂ ᠮᠠᠨ ᠤ ᠲᠣᠭᠤᠷᠢᠭ ᠤᠨ 2025 ᠣᠨ ᠤ ᠣᠨᠴᠠᠭᠠᠶ | ᠬᠦᠴᠢᠷᠳᠡᠯᠲᠡᠶ ᠬᠥᠮᠦᠰ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠷᠠᠯᠲᠠ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠦᠲᠦᠮᠵᠢᠲᠡᠶ ᠠᠬᠢᠭᠤᠯᠪᠠ᠃ | |