ᠣᠶᠢᠷ᠎ᠠ ᠶᠢᠨ ᠡᠳᠦᠷ᠂ ᠳ᠋ᠠ ᠼᠢ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠤᠭ᠎ᠠ ᠱᠧᠨ ᠹᠠ | ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠮᠵᠢᠯᠴᠠᠨ ᠨᠠᠮ ᠣᠯᠠᠨ ᠲᠦᠮᠡᠨ ᠤ ᠦᠢᠯᠡᠴᠢᠯᠡᠭᠡᠨ ᠤ ᠥᠷᠲᠡᠭᠡ ᠳᠤ | ᠬᠠᠷᠢᠶ᠎ᠠ ᠲᠣᠭᠤᠷᠢᠭ ᠤᠨ ᠵᠡᠮᠳᠡᠭᠴᠦᠳ ᠢ ᠵᠣᠬᠢᠶᠠᠨ ᠪᠠᠶᠢᠭᠤᠯᠤᠨ ᠭᠠᠷ ᠤᠷᠠᠯᠠᠯ ᠤᠨ ᠨᠡᠬᠡᠮᠡᠯ ᠤᠨ ᠠᠵᠢᠯᠯᠠᠭ᠎ᠠ | ᠥᠷᠨᠢᠭᠦᠯᠵᠦ᠂ ᠵᠡᠮᠳᠡᠭᠴᠦᠳ ᠤᠨ ᠭᠠᠷ ᠤᠷᠠᠯᠠᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠲᠡᠳᠡᠨᠡᠷ ᠤᠨ ᠨᠡᠶᠢᠭᠡᠮ ᠳᠤ | ᠠᠭᠤᠰᠤᠯᠴᠠᠬᠤ ᠪᠠ ᠬᠥᠮᠥᠰ ᠤᠨ ᠬᠠᠷᠢᠯᠴᠠᠭᠠᠨ ᠳᠤ ᠣᠷᠤᠯᠴᠠᠬᠤ ᠢᠳᠡᠪᠬᠢᠵᠢᠯ ᠢ ᠳᠡᠭᠡᠭᠰᠢᠯᠡᠭᠦᠯᠦᠭᠰᠡᠨ ᠪᠠᠶᠢᠨ᠎ᠠ᠃ | | | ᠲᠤᠰ ᠤᠳᠠᠭᠠᠨ ᠤ ᠭᠠᠷ ᠨᠡᠬᠡᠮᠡᠯ ᠤᠨ ᠠᠵᠢᠯᠯᠠᠭ᠎ᠠ ᠨᠢ ᠬᠠᠷᠢᠶ᠎ᠠ ᠲᠣᠭᠤᠷᠢᠭ ᠤᠨ ᠵᠡᠮᠳᠡᠭᠴᠦᠳ ᠤᠨ ᠭᠠᠷ | ᠤᠷᠠᠯᠠᠯ ᠤᠨ ᠪᠦᠲᠦᠭᠡᠭᠳᠡᠬᠦᠨ ᠤ ᠦᠢᠯᠡᠳᠪᠦᠷᠢᠯᠡᠯ ᠳᠤ ᠬᠦᠴᠦᠨ ᠡᠷᠭᠦᠬᠦ ᠳᠠᠯᠳᠠ ᠬᠦᠴᠦᠨ ᠢ ᠢᠯᠡᠷᠡᠭᠦᠯᠵᠦ᠂ ᠵᠡᠭᠡᠯᠢ | ᠭᠤᠳᠤᠮᠵᠢ ᠶᠢᠨ ᠵᠡᠮᠳᠡᠭᠴᠦᠳ ᠤᠨ ᠬᠤᠯᠪᠤᠭ᠎ᠠ ᠶᠢᠨ ᠣᠯᠠᠨ ᠭᠡᠯᠪᠡᠷᠢ ᠪᠠᠷ ᠵᠡᠮᠳᠡᠭᠴᠦᠳ ᠢ ᠬᠠᠪᠰᠤᠷᠤᠨ ᠦᠢᠯᠡᠰ | ᠪᠣᠰᠬᠠᠵᠤ ᠠᠵᠢᠯ ᠣᠯᠭᠤᠬᠤ ᠰᠡᠳᠬᠢᠴᠡ ᠶᠢ ᠬᠦᠴᠦᠲᠡᠢ ᠥᠷᠭᠡᠳᠬᠡᠭᠰᠡᠨ ᠪᠠᠶᠢᠨ᠎ᠠ᠃ ᠠᠵᠢᠯᠯᠠᠭ᠎ᠠ ᠳᠤᠮᠳᠠ ᠵᠡᠭᠡᠯᠢ | ᠭᠤᠳᠤᠮᠵᠢ ᠶᠢᠨ ᠵᠡᠮᠳᠡᠭᠴᠦᠳ ᠤᠨ ᠬᠤᠯᠪᠤᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠡᠳᠡ ᠦᠷᠭᠦᠯᠵᠢᠯᠡᠨ | ᠨᠡᠩ ᠣᠯᠠᠨ ᠡᠶᠢᠮᠦ ᠲᠠᠪᠴᠠᠩ ᠭᠠᠷᠭᠠᠵᠤ ᠬᠠᠷᠢᠶ᠎ᠠ ᠲᠣᠭᠤᠷᠢᠭ ᠤᠨ ᠵᠡᠮᠳᠡᠭᠴᠦᠳ ᠤᠨ ᠴᠤᠭ ᠵᠢᠪᠬᠤᠭ᠎ᠠ ᠶᠢ | ᠢᠯᠡᠷᠡᠭᠦᠯᠵᠦ᠂ ᠲᠡᠳᠡᠨ ᠢ ᠬᠠᠪᠰᠤᠷᠤᠨ ᠨᠡᠶᠢᠭᠡᠮ ᠤᠨ ᠦᠢᠯᠡᠳᠪᠦᠷᠢᠯᠡᠯ ᠳᠤ ᠣᠷᠣᠯᠴᠠᠨ᠂ ᠠᠮᠢᠳᠤᠷᠠᠬᠤᠢ ᠶᠢᠨ ᠦᠨ᠎ᠡ | ᠥᠷᠲᠡᠭ ᠢ ᠢᠯᠡᠷᠡᠭᠦᠯᠬᠦ ᠡᠯ᠎ᠡ ᠵᠦᠢᠯ ᠤᠨ ᠠᠷᠭ᠎ᠠ ᠵᠠᠮ ᠢ ᠰᠦᠪᠡᠭᠴᠢᠯᠡᠵᠦ᠂ ᠵᠡᠮᠳᠡᠭᠴᠦᠳ ᠤᠨ ᠦᠢᠯᠡᠰ ᠪᠣᠰᠬᠠᠬᠤ᠂ | ᠠᠵᠢᠯ ᠣᠯᠬᠤ ᠶᠢ ᠠᠬᠢᠭᠤᠯᠬᠤ ᠲᠠᠯ᠎ᠠ ᠪᠠᠷ ᠨᠡᠩ ᠣᠯᠠᠨ ᠠᠵᠢᠯ ᠤᠨ ᠭᠢᠯᠠᠰ ᠴᠡᠭ ᠢ ᠪᠤᠢ ᠪᠤᠯᠭᠠᠬᠤ ᠪᠠᠷ ᠴᠢᠷᠮᠠᠶᠢᠨ᠎ᠠ | ᠭᠡᠵᠦ ᠢᠯᠡᠳᠬᠡᠪᠡ᠃ | |