ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠰᠣᠬᠤᠷ ᠬᠥᠮᠥᠨ ᠤ ᠨᠣᠮ ᠪᠢᠴᠢᠭ ᠬᠠᠨᠳᠢᠪᠯᠡᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/31
        12 ᠰᠠᠷ᠎ᠠ ᠶᠢᠨ 26 ᠤ ᠦᠳᠡ ᠶᠢᠨ ᠡᠮᠦᠨ᠎ᠡ᠂ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠤᠭ᠎ᠠ ᠨᠢᠭᠡ ᠬᠤᠪᠢ ᠣᠨᠴᠠᠭᠠᠢ ᠪᠡᠯᠡᠭ ᠢᠶᠠᠨ ᠲᠣᠭᠤᠷᠢᠭ ᠤᠨ ᠨᠣᠮ ᠤᠨ ᠰᠠᠩ ᠳᠤ ᠬᠦᠷᠭᠡᠪᠡ᠃   ᠨᠠᠷᠢᠨ ᠰᠢᠯᠢᠨ ᠰᠣᠩᠭᠤᠭᠰᠠᠨ ᠨᠣᠮ ᠨᠢ ᠰᠣᠬᠤᠷ ᠬᠥᠮᠥᠰ ᠲᠤ ᠰᠢᠨ᠎ᠡ ᠮᠡᠳᠡᠯᠭᠡ ᠶᠢᠨ ᠴᠣᠩᠬᠤ ᠨᠡᠭᠡᠭᠡᠵᠦ ᠥᠭᠴᠡᠢ᠃
书香传爱,点亮盲人阅读之光——石拐区残联开展盲文书籍捐赠活动(蒙).jpg
        ᠰᠣᠬᠤᠷ ᠬᠥᠮᠥᠨ ᠤ ᠮᠡᠳᠡᠯᠭᠡ ᠪᠠ ᠨᠣᠮ ᠤᠩᠰᠢᠯᠭ᠎ᠠ ᠶᠢᠨ ᠲᠤᠬᠠᠢ ᠮᠥᠷᠥᠭᠡᠳᠦᠯ ᠨᠢ ᠶᠡᠷᠦ ᠠᠴᠠ ᠬᠠᠷᠠᠭᠠᠨ ᠰᠡᠷᠡᠯ ᠤᠨ ᠰᠠᠭᠠᠳ ᠠᠴᠠ ᠪᠣᠯᠵᠤ ᠪᠠᠭᠤᠷᠠᠳᠠᠭ ᠦᠭᠡᠢ᠃  ᠲᠣᠰ ᠤᠳᠠᠭ᠎ᠠ ᠬᠠᠨᠳᠢᠪᠯᠡᠭ᠌ᠰᠠᠨ ᠪᠢᠴᠢᠭ ᠨᠢ ᠪᠦᠷ ᠲᠡᠳᠡ ᠨᠠᠷ ᠤᠨ ᠳᠡᠯᠡᠬᠡᠢ ᠶᠢ ᠲᠡᠮᠲᠡᠷᠢᠵᠦ᠂ ᠰᠠᠶᠢᠨ ᠰᠠᠶᠢᠬᠠᠨ ᠢ ᠮᠡᠳᠡᠷᠡᠬᠦ ᠶᠢᠨ ᠣᠨᠴᠠᠭᠠᠢ ᠲᠦᠯᠬᠢᠭᠦᠷ ᠪᠤᠯᠳᠠᠭ ᠃ ᠵᠡᠮᠳᠡᠭᠴᠦᠳ ᠤᠨ ᠬᠤᠯᠪᠤᠭ᠎ᠠ ᠨᠢ ᠰᠣᠬᠤᠷ ᠬᠥᠮᠥᠨ ᠤ ᠨᠣᠮ ᠤᠩᠰᠢᠬᠤ ᠡᠬᠢ ᠪᠠᠶᠠᠯᠢᠭ ᠤᠨ ᠬᠤᠪᠣᠷ ᠴᠤᠬᠠᠭ ᠪᠠ ᠨᠠᠨᠳᠢᠨ ᠢ ᠭᠦᠨ ᠮᠡᠳᠡᠵᠦ᠂ ᠲᠤᠰ ᠤᠳᠠᠭ᠎ᠠ ᠲᠤᠰᠠᠯᠠᠨ ᠬᠦᠷᠭᠡᠭᠰᠡᠨ ᠨᠢ ᠰᠣᠬᠤᠷ ᠬᠥᠮᠥᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢᠨ ᠭᠦᠨ ᠳᠡᠰ ᠳᠠᠪᠬᠤᠷᠭ᠎ᠠ ᠶᠢᠨ ᠬᠠᠷᠢᠭᠤᠯᠲᠠ ᠪᠣᠯᠣᠨ᠎ᠠ᠃ ᠡᠳᠡᠭᠡᠷ ᠰᠣᠬᠤᠷᠴᠤᠳ᠍ ᠤᠨ ᠪᠢᠴᠢᠭ ᠨᠢ ᠤᠷᠠᠨ ᠵᠣᠬᠢᠶᠠᠯ ᠤᠨ ᠰᠣᠩᠭᠤᠳᠠᠭ᠂ ᠲᠡᠦᠬᠡ ᠶᠢᠨ ᠦᠯᠢᠭᠡᠷ᠂ ᠬᠡᠷᠡᠭᠯᠡᠭᠡᠨ ᠤ ᠤᠷ᠎ᠠ ᠴᠢᠳᠠᠪᠤᠷᠢ᠂ ᠣᠶᠤᠨ ᠰᠠᠨᠠᠭᠠᠨ ᠤ ᠡᠷᠴᠢ ᠵᠣᠷᠢᠭ ᠵᠡᠷᠭᠡ ᠰᠠᠯᠪᠤᠷᠢ ᠬᠠᠮᠤᠷᠤᠭᠳᠠᠭᠰᠠᠨ ᠪᠠᠶᠢᠨ᠎ᠠ᠃
5.jpg
        ᠨᠣᠮ ᠤᠨ ᠰᠠᠩ ᠨᠢ ᠮᠡᠳᠡᠯᠭᠡ ᠶᠢᠨ ᠡᠷᠳᠡᠨᠢᠰ ᠤᠨ ᠰᠠᠩ ᠪᠥᠭᠡᠳ ᠰᠣᠶᠣᠯ ᠤᠨ ᠣᠷᠳᠣᠨ ᠪᠣᠯᠤᠭᠰᠠᠨ ᠤ ᠬᠤᠪᠢ ᠳᠤ ᠨᠡᠶᠢᠭᠡᠮ ᠨᠡᠶᠢᠲᠡ ᠳᠤ ᠨᠣᠮ ᠤᠩᠰᠢᠬᠤ ᠡᠬᠢ ᠪᠠᠶᠠᠯᠢᠭ ᠪᠠ ᠰᠣᠶᠣᠯ ᠤᠨ ᠦᠢᠯᠡᠴᠢᠯᠡᠭᠡ ᠬᠠᠩᠭᠠᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠳᠠᠭ᠃ ᠵᠡᠮᠳᠡᠭᠴᠦᠳ ᠤᠨ ᠬᠤᠯᠪᠤᠭ᠎ᠠ ᠶᠢᠨ ᠢᠳᠡᠪᠬᠢᠲᠡᠢ ᠨᠡᠪᠲᠡᠷᠡᠯᠴᠡᠨ ᠵᠣᠬᠢᠴᠠᠭᠤᠯᠭ᠎ᠠ ᠳᠣᠣᠷ᠎ᠠ᠂ ᠰᠢᠭᠤᠶᠢᠲᠤ ᠲᠣᠭᠤᠷᠢᠭ ᠤᠨ ᠨᠣᠮ ᠤᠨ ᠰᠠᠩ ᠠᠴᠠ ᠵᠡᠮᠳᠡᠭᠴᠦᠳ ᠤᠨ ᠤᠩᠰᠢᠯᠭ᠎ᠠ ᠶᠢᠨ ᠲᠠᠰᠤᠭ ᠢ ᠲᠤᠰᠬᠠᠶᠢᠯᠠᠨ ᠪᠠᠶᠢᠭᠤᠯᠤᠭᠰᠠᠨ ᠤ ᠬᠠᠮᠲᠤ ᠲᠤᠰᠬᠠᠢ ᠬᠥᠮᠥᠨ ᠲᠣᠬᠢᠷᠠᠭᠤᠯᠵᠤ ᠰᠣᠬᠤᠷ ᠬᠥᠮᠥᠨ ᠤ ᠪᠢᠴᠢᠭ ᠤᠨ ᠬᠠᠮᠢᠶᠠᠷᠤᠯᠲᠠ ᠪᠠ ᠵᠢᠯᠣᠭᠤᠳᠤᠮᠵᠢ ᠶᠢ ᠬᠠᠷᠢᠭᠤᠴᠠᠭᠤᠯᠵᠤ᠂ ᠰᠣᠬᠤᠷ ᠬᠥᠮᠥᠨ ᠤ ᠤᠩᠰᠢᠭᠴᠢᠳ ᠤᠨ ᠤᠩᠰᠢᠯᠭ᠎ᠠ ᠶᠢᠨ ᠦᠢᠯᠡᠴᠢᠯᠡᠭᠡ ᠶᠢ ᠳᠥᠭᠦᠮ᠂ ᠲᠠᠭᠠᠯᠠᠮᠵᠢᠲᠠᠢ ᠪᠠᠷ ᠭᠦᠷᠲᠡᠭᠦ ᠶᠢ ᠦᠨᠡᠨᠬᠦ ᠪᠠᠲᠤᠯᠠᠵᠤ᠂ ᠨᠣᠮ ᠤᠨ ᠰᠠᠩ ᠢ ᠦᠨᠡᠨᠬᠦ ᠰᠣᠬᠤᠷ ᠨᠠᠶᠢᠵᠠ ᠨᠠᠷ ᠤᠨ ᠣᠶᠤᠨ ᠰᠠᠨᠠᠭᠠᠨ ᠤ ᠭᠡᠷ ᠣᠷᠣᠨ ᠪᠣᠯᠭᠠᠨ᠎ᠠ᠃          ᠡᠨᠡ ᠤᠳᠠᠭᠠᠨ ᠤ ᠰᠣᠬᠤᠷ ᠬᠥᠮᠥᠨ ᠤ ᠪᠢᠴᠢᠭ ᠬᠠᠨᠳᠢᠪᠯᠡᠬᠤ ᠠᠵᠢᠯᠯᠠᠭ᠎ᠠ ᠨᠢ ᠰᠣᠬᠤᠷ ᠨᠠᠶᠢᠵᠠ ᠨᠠᠷ ᠢ ᠬᠠᠪᠰᠤᠷᠴᠤ ᠬᠠᠷᠠᠭ᠎ᠠ ᠬᠢᠭᠡᠳ ᠶᠢᠷᠲᠢᠨᠴᠦ ᠶᠢᠨ ᠭᠦᠨ ᠵᠢᠯᠠᠭ᠎ᠠ ᠶᠢ ᠳᠠᠪᠠᠭᠤᠯᠬᠤ ᠶᠢᠨ ᠲᠥᠯᠥᠭᠡ᠂ ᠲᠡᠳᠡᠨ ᠢ ᠮᠡᠳᠡᠯᠭᠡ ᠶᠢᠨ ᠳᠠᠯᠠᠢ ᠲᠠᠩᠭᠢᠰ ᠲᠤ ᠰᠠᠨᠠᠭ᠎ᠠ ᠰᠡᠳᠬᠢᠯ ᠢᠶᠠᠨ ᠲᠡᠭᠦᠰ ᠪᠠᠳᠠᠷᠠᠭᠤᠯᠵᠤ᠂ ᠲᠡᠳᠡᠨ ᠤ ᠳᠣᠲᠣᠭᠠᠳᠤ ᠰᠡᠳᠬᠢᠯ ᠤᠨ ᠶᠢᠷᠲᠢᠨᠴᠦ ᠶᠢ ᠪᠠᠶᠠᠯᠢᠭᠵᠢᠭᠤᠯᠤᠨ᠂ ᠲᠡᠳᠡᠨ ᠤ ᠠᠮᠢᠳᠤᠷᠠᠬᠤᠢ ᠶᠢᠨ ᠬᠠᠷᠠᠭ᠎ᠠ ᠶᠢ ᠨᠢ ᠥᠷᠭᠡᠳᠬᠡᠵᠦ᠂ ᠨᠣᠮ ᠪᠢᠴᠢᠭ ᠤᠩᠰᠢᠬᠤ ᠶᠠᠪᠤᠴᠠ ᠳᠤ ᠥᠪᠡᠷ ᠤᠨ ᠬᠢᠨᠢ ᠠᠮᠢᠳᠤᠷᠠᠬᠤᠢ ᠶᠢᠨ ᠦᠨ᠎ᠡ ᠥᠷᠲᠡᠭ ᠪᠠ ᠡᠷᠡᠰ ᠰᠢᠭᠤᠷᠬᠠᠢ᠂ ᠥᠪᠡᠷ ᠢ ᠪᠠᠨ ᠢᠲᠡᠭᠡᠬᠦ᠂ ᠥᠪᠡᠷ ᠢ ᠪᠠᠨ ᠬᠦᠴᠦᠷᠬᠡᠭᠵᠢᠭᠦᠯᠬᠦ ᠴᠢᠷᠮᠠᠶᠢᠯᠭ᠎ᠠ ᠶᠢᠨ ᠴᠢᠭᠯᠡᠯ ᠢ ᠡᠷᠢᠵᠦ ᠣᠯᠭᠤᠬᠤ ᠶᠢᠨ ᠲᠥᠯᠥᠭᠡ ᠶᠤᠮ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号