ᠡᠨᠡ ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠭᠤᠶᠢᠲᠤ ᠲᠣᠭᠤᠷᠢᠭ ᠨᠠᠮ ᠤᠨ ᠬᠤᠷᠢᠳᠤᠭᠠᠷ ᠶᠡᠭᠡ | ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ | ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠢᠷᠢᠯᠠᠭᠤᠯᠤᠯᠲᠠ ᠶᠣᠰᠣᠭᠠᠷ᠂ ᠲᠣᠭᠲᠠᠭᠤᠨ ᠤ ᠳᠤᠮᠳᠠ ᠣᠷᠣᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ | ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠨᠢ ᠶᠡᠷᠦᠩᠬᠡᠢ ᠳᠡᠭᠡᠨ ᠲᠣᠭᠲᠠᠭᠤᠨ ᠬᠥᠭᠵᠢᠯᠲᠡ ᠶᠢᠨ ᠪᠠᠶᠢᠳᠠᠯ ᠲᠠᠢ᠃ | | 1 — 11 ᠳ᠋ᠦ᠋ᠭᠡᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 23.6% ᠪᠠᠷ ᠨᠡᠮᠡᠭᠳᠡᠵᠦ᠂ ᠪᠥᠬᠦ ᠬᠤᠲᠠ ᠳᠤ ᠬᠤᠶᠠᠳᠤᠭᠠᠷ ᠲᠤ | ᠣᠷᠣᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠲᠤᠭ᠎ᠠ ᠠᠳᠠᠯᠢ | ᠬᠤᠭᠤᠴᠠᠭᠠᠨ ᠤ ᠬᠢ ᠠᠴᠠ 92% ᠢᠶᠠᠷ ᠨᠡᠮᠡᠭᠳᠡᠵᠦ᠂ ᠪᠥᠬᠦ ᠬᠤᠲᠠ ᠳᠤ ᠬᠤᠶᠠᠳᠤᠭᠠᠷ ᠲᠤ ᠣᠷᠣᠪᠠ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 5.8 ᠳ᠋ᠦᠩᠰᠢᠭᠤᠷ | ᠲᠥᠭᠦᠷᠢᠭ ᠲᠤ ᠬᠦᠷᠴᠦ᠂ ᠪᠥᠬᠦ ᠬᠤᠲᠠ ᠶᠢᠨ ᠠᠷᠪᠠᠳᠤᠭᠠᠷ ᠲᠤ ᠣᠷᠣᠪᠠ︔ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 14.1% ᠪᠠᠷ ᠨᠡᠮᠡᠭᠳᠡᠵᠦ᠂ ᠪᠥᠬᠦ ᠬᠤᠲᠠ ᠳᠤ | ᠭᠤᠷᠪᠠᠳᠤᠭᠠᠷ ᠲᠤ ᠣᠷᠣᠪᠠ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠠᠳᠠᠯᠢ | ᠬᠤᠭᠤᠴᠠᠭᠠᠨ ᠤ ᠬᠢ ᠠᠴᠠ 1.1% ᠪᠠᠷ ᠪᠠᠭᠤᠷᠠᠵᠤ᠂ ᠪᠥᠬᠦ ᠬᠤᠲᠠ ᠳᠤ ᠲᠠᠪᠤᠳᠤᠭᠠᠷ ᠲᠤ ᠣᠷᠣᠪᠠ᠃ | ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ 71.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12. | 4% ᠪᠠᠷ ᠨᠡᠮᠡᠭᠳᠡᠨ᠂ ᠪᠥᠬᠦ ᠬᠤᠲᠠ ᠳᠤ ᠭᠤᠷᠪᠠᠳᠤᠭᠠᠷ ᠲᠤ ᠣᠷᠣᠪᠠ︔ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 41572 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.7% ᠪᠠᠷ ᠨᠡᠮᠡᠭᠳᠡᠨ᠂ ᠪᠥᠬᠦ ᠬᠤᠲᠠ ᠶᠢᠨ ᠵᠢᠷᠭᠤᠳᠤᠭᠠᠷ ᠲᠤ ᠣᠷᠣᠪᠠ᠂ ᠮᠠᠯᠴᠢᠨ | ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17732 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠨ᠂ ᠪᠥᠬᠦ ᠬᠤᠲᠠ ᠳᠤ ᠭᠤᠷᠪᠠᠳᠤᠭᠠᠷ ᠲᠤ ᠣᠷᠣᠪᠠ᠃ | |