ᠶᠡᠷᠦᠩᠬᠡᠶ ᠱᠦᠵᠢ ᠰᠢ ᠶᠢᠨ ᠫᠢᠩ᠂ ︽ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ | ᠬᠠᠮᠠᠭᠠᠯᠠᠬᠤ ᠶᠢ ᠬᠢᠯᠢ ᠬᠢᠵᠠᠭᠠᠷ ᠤᠨ ᠵᠠᠰᠠᠯᠲᠠ ᠶᠢᠨ ᠬᠤᠷᠢᠭ᠎ᠠ ᠱᠤᠭᠤᠮ ᠤᠨ ᠱᠠᠭᠠᠷᠳᠠᠯᠭ᠎ᠠ ᠪᠣᠯᠭᠠᠬᠤ ᠶᠢ | ᠪᠠᠷᠢᠮᠲᠠᠯᠠᠬᠤ ᠬᠡᠷᠡᠭᠲᠡᠶ︾ ᠭᠡᠵᠦ ᠴᠢᠬᠤᠯᠠᠴᠢᠯᠠᠪᠠ᠃ ᠡᠨᠡ ᠬᠦ ᠱᠠᠭᠠᠷᠳᠠᠯᠭ᠎ᠠ ᠨᠢ ᠲᠡᠦᠬᠡᠨ ᠲᠤᠷᠰᠢᠯᠭ᠎ᠠ ᠶᠢ ᠭᠦᠨᠵᠡᠭᠡᠶ | ᠳ᠋ᠦᠩᠨᠡᠭᠰᠡᠨ ᠶᠠᠪᠤᠳᠠᠯ ᠪᠣᠯᠬᠤ ᠪᠠᠷ ᠪᠠᠷᠠᠬᠤ ᠦᠭᠡᠢ᠂ ᠪᠠᠰᠠ ᠴᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠶᠢᠨ ᠳᠤᠮᠳᠠ ᠬᠢᠯᠢ ᠬᠢᠵᠠᠭᠠᠷ ᠤᠨ ᠵᠠᠰᠠᠯᠲᠠ ᠶᠢᠨ ᠦᠢᠯᠡᠳᠦᠯᠭᠡ ᠶᠢᠨ ᠰᠢᠰᠲ᠋ᠧᠮ ᠲᠠᠢ | ᠪᠠᠶᠢᠷᠢᠯᠠᠭᠤᠯᠤᠯᠲᠠ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠬᠤᠢ ᠪᠠᠶᠢᠳᠠᠯ ᠳᠣᠣᠷᠠᠬᠢ | ᠬᠢᠯᠢ ᠬᠢᠵᠠᠭᠠᠷ ᠤᠨ ᠵᠠᠰᠠᠯᠲᠠ ᠶᠢᠨ ᠪᠦᠬᠦ ᠲᠠᠯᠠᠲᠤ ᠴᠢᠨᠠᠷ᠂ ᠪᠠᠶᠢᠯᠳᠤᠬᠤ ᠪᠣᠳᠤᠯᠭᠠᠲᠤ ᠴᠢᠨᠠᠷ ᠪᠠ ᠰᠢᠨᠵᠢᠯᠡᠬᠦ | ᠤᠬᠠᠭᠠᠨᠴᠢ ᠴᠢᠨᠠᠷ ᠢ ᠢᠯᠡᠷᠡᠭᠦᠯᠦᠭᠰᠡᠨ ᠪᠠᠶᠢᠨ᠎ᠠ᠃ | ᠬᠢᠯᠢ ᠬᠢᠵᠠᠭᠠᠷ ᠠᠮᠤᠷ ᠵᠢᠮᠤᠷ ᠪᠣᠯ ᠤᠯᠤᠰ ᠣᠷᠣᠨ ᠠᠮᠤᠭᠤᠯᠠᠩ᠂ ᠬᠢᠯᠢ ᠬᠢᠵᠠᠭᠠᠷ ᠬᠥᠭᠵᠢᠪᠡᠯ ᠤᠯᠤᠰ | ᠣᠷᠣᠨ ᠬᠦᠴᠦᠷᠬᠡᠭᠵᠢᠨ᠎ᠡ᠃ ᠬᠢᠯᠢ ᠬᠢᠵᠠᠭᠠᠷ ᠤᠨ ᠵᠠᠰᠠᠯᠲᠠ ᠪᠣᠯ ᠤᠯᠤᠰ ᠤᠨ ᠵᠠᠰᠠᠯᠲᠠ ᠶᠢᠨ ᠴᠢᠬᠤᠯᠠ | ᠪᠦᠷᠢᠯᠳᠦᠬᠦᠨ ᠬᠡᠰᠡᠭ ᠮᠥᠨ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠬᠤ | ᠴᠢᠬᠤᠯᠠ ᠡᠭᠦᠷᠭᠡ ᠮᠥᠨ᠃ ᠵᠥᠪᠬᠡᠨ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ ᠶᠢ ᠬᠤᠷᠢᠭ᠎ᠠ ᠱᠤᠭᠤᠮ ᠤᠨ ᠱᠠᠭᠠᠷᠳᠠᠯᠭ᠎ᠠ ᠪᠣᠯᠭᠠᠬᠤ ᠶᠢ ᠪᠠᠷᠢᠮᠲᠠᠯᠠᠪᠠᠯ ᠰᠠᠶ᠋ᠢ ᠬᠢᠯᠢ ᠬᠢᠵᠠᠭᠠᠷ ᠣᠷᠣᠨ ᠤ | ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠵᠤ ᠴᠢᠳᠠᠨ᠎ᠠ ᠭᠡᠳᠡᠭ ᠢ ᠲᠡᠦᠬᠡᠨ ᠲᠤᠷᠰᠢᠯᠭ᠎ᠠ ᠪᠠ ᠪᠣᠳᠠᠲᠤ | ᠥᠷᠢᠰᠥᠯᠳᠦᠭᠡᠨ ᠴᠥᠮ ᠬᠠᠷᠠᠭᠤᠯᠪᠠ᠃ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠤᠨ ᠵᠠᠰᠠᠯᠲᠠ ᠨᠢ ᠡᠷᠬᠡᠪᠰᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠵᠠᠰᠠᠯᠲᠠ ᠶᠢᠨ ᠲᠣᠭᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠵᠤ᠂ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠬᠢᠯᠢ ᠬᠢᠵᠠᠭᠠᠷ ᠤᠨ ᠬᠥᠭᠵᠢᠯ ᠴᠡᠴᠡᠭᠯᠡᠯ ᠪᠣᠯᠤᠨ ᠤᠯᠤᠰ ᠤᠨ ᠬᠦᠴᠦᠷᠬᠡᠭᠵᠢᠯ ᠬᠥᠭᠵᠢᠯ ᠢ ᠣᠷᠭᠠᠨᠢᠭ ᠢᠶᠠᠷ | ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠢ᠃ | ᠲᠡᠦᠬᠡ ᠶᠢᠨ ᠰᠡᠩᠬᠡᠷᠡᠭᠦᠯᠦᠯ᠄ ᠤᠯᠤᠰ ᠢ ᠵᠠᠰᠠᠬᠤ ᠳᠤ ᠡᠷᠬᠡᠪᠰᠢ ᠬᠢᠯᠢ ᠶᠢ ᠵᠠᠰᠠᠬᠤ ᠬᠡᠷᠡᠭᠲᠡᠢ | ᠳᠤᠮᠳᠠᠳᠤ ᠤᠯᠤᠰ ᠪᠣᠯ ᠡᠷᠲᠡᠨ ᠠᠴᠠ ᠠᠪᠤᠭᠠᠳ ᠣᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠮᠥᠨ | ᠂ ᠬᠢᠯᠢ ᠬᠢᠵᠠᠭᠠᠷ ᠤᠨ ᠠᠮᠤᠷ ᠲᠦᠪᠰᠢᠨ ᠬᠢᠭᠡᠳ ᠲᠣᠭᠲᠠᠭᠤᠨ ᠪᠠᠶᠢᠳᠠᠯ ᠢ ᠬᠠᠮᠠᠭᠠᠯᠠᠬᠤ ᠪᠣᠯ ᠨᠢᠭᠡᠳᠦᠭᠰᠡᠨ ᠤᠯᠠᠨ | ᠦᠨᠳᠦᠰᠦᠲᠡᠨ ᠲᠠᠢ ᠤᠯᠤᠰ ᠤᠨ ᠪᠦᠷᠢᠯᠳᠦᠵᠦ ᠬᠥᠭᠵᠢᠬᠦ ᠶᠢᠨ ᠴᠢᠬᠤᠯᠠ ᠰᠠᠭᠤᠷᠢ ᠮᠥᠨ᠂ ᠪᠠᠰᠠ ᠴᠤ ᠤᠯᠤᠰ | ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠶᠢᠨ ᠵᠠᠩᠭᠢᠯᠠᠭ᠎ᠠ ᠮᠥᠨ᠃ ᠴᠢᠨ ᠬᠠᠨ ᠤᠯᠤᠰ ᠠᠴᠠ | ᠴᠢᠩ ᠤᠨ ᠡᠮᠦᠨᠡᠬᠢ ᠬᠤᠭᠤᠴᠠᠭ᠎ᠠ ᠪᠣᠯᠲᠠᠯ᠎ᠠ᠂ ᠳᠤᠮᠳᠠᠳᠤ ᠤᠯᠤᠰ ᠤᠨ ᠬᠢᠯᠢ ᠬᠢᠵᠠᠭᠠᠷ ᠢ ᠵᠠᠰᠠᠬᠤ ᠦᠢᠯᠡᠳᠦᠯᠭᠡ | ᠤᠷᠢᠳᠤᠬᠢ ᠮᠡᠷᠭᠡᠳ ᠤᠨ ᠣᠶᠤᠨ ᠤᠬᠠᠭᠠᠨ ᠢ ᠭᠦᠢᠴᠡᠳ ᠢᠯᠡᠷᠡᠭᠦᠯᠵᠦ᠂ ᠬᠢᠯᠢ ᠬᠢᠵᠠᠭᠠᠷ ᠤᠨ ᠪᠠᠶᠢᠳᠠᠯ | ᠶᠡᠷᠦᠩᠬᠡᠢ ᠳᠡᠭᠡᠨ ᠲᠣᠭᠲᠠᠭᠤᠨ ᠪᠠᠶᠢᠬᠤ ᠨᠢ ᠤᠯᠤᠰ ᠣᠷᠣᠨ ᠤ ᠨᠢᠭᠡᠳᠦᠯ ᠪᠠ ᠬᠥᠭᠵᠢᠯ ᠴᠡᠴᠡᠭᠯᠡᠯ ᠳᠤ ᠪᠠᠲᠤ ᠪᠠᠬᠢ | ᠰᠠᠭᠤᠷᠢ ᠶᠢ ᠲᠠᠯᠪᠢᠭᠰᠠᠨ ᠪᠠᠶᠢᠨ᠎ᠠ᠃ | ᠬᠠᠷ᠎ᠠ ᠲᠠᠮᠠᠬᠢ ᠶᠢᠨ ᠳᠠᠶᠢᠨ ᠤ ᠳᠠᠷᠠᠭ᠎ᠠ᠂ ᠳᠤᠮᠳᠠᠳᠤ ᠤᠯᠤᠰ ᠠᠭᠠᠵᠢᠮ ᠢᠶᠠᠷ ᠬᠠᠭᠠᠰ ᠺᠣᠯᠣᠨᠢ ᠬᠠᠭᠠᠰ | ᠹᠧᠣᠳᠠᠯ ᠤᠨ ᠨᠡᠶᠢᠭᠡᠮ ᠪᠣᠯᠤᠨ ᠬᠤᠪᠢᠷᠠᠪᠠ᠃ ᠨᠢᠭᠡ ᠣᠯᠠᠨ ᠲᠡᠭᠰᠢ ᠪᠤᠰᠤ ᠭᠡᠷ᠎ᠡ ᠲᠣᠭᠲᠠᠭᠰᠠᠨ ᠨᠢ ᠤᠯᠤᠰ ᠤᠨ | ᠡᠷᠬᠡ ᠮᠡᠳᠡᠯ ᠢ ᠬᠤᠬᠢᠷᠠᠭᠤᠯᠤᠭᠰᠠᠨ ᠢᠶᠠᠷ ᠪᠠᠷᠠᠬᠤ ᠦᠭᠡᠶ ᠪᠠᠰᠠ ᠬᠢᠯᠢ ᠬᠢᠵᠠᠭᠠᠷ ᠪᠣᠯᠤᠨ ᠳᠠᠯᠠᠶ ᠲᠠᠩᠭᠢᠰ ᠤᠨ | ᠬᠠᠮᠠᠭᠠᠯᠠᠯᠲᠠ ᠶᠢᠨ ᠴᠢᠳᠠᠪᠤᠷᠢ ᠶᠢ ᠶᠡᠬᠡᠪᠡᠷ ᠪᠠᠭᠤᠷᠠᠭᠤᠯᠤᠭᠰᠠᠨ ᠪᠠᠶᠢᠨ᠎ᠠ᠃ ᠴᠢᠩ ᠤᠨ ᠵᠠᠰᠠᠭ ᠤᠨ ᠤᠷᠲᠤᠨ ᠤ | ᠡᠳ᠋ ᠤᠨ ᠵᠠᠰᠠᠭ ᠪᠤᠯᠤᠨ ᠴᠡᠷᠢᠭ ᠤᠨ ᠶᠠᠪᠤᠲᠠᠯ ᠤᠨ ᠴᠢᠲᠠᠪᠤᠷᠢ ᠪᠦᠭᠦ ᠲᠠᠯ᠎ᠠ ᠪᠠᠷ ᠳᠣᠷᠤᠶᠢᠲᠠᠨ ᠪᠠᠭᠤᠷᠠᠵᠤ᠂ | ᠲᠠᠯᠠᠢ ᠶᠢ ᠬᠠᠮᠠᠭᠠᠯᠠᠬᠤ ᠴᠢᠲᠠᠪᠤᠷᠢ ᠦᠭᠡᠢ ᠮᠦᠷᠲᠡᠭᠡᠨ ᠬᠢᠯᠢ ᠬᠢᠵᠠᠭᠠᠷ ᠢᠶᠠᠨ ᠲᠤᠭᠲᠠᠪᠤᠷᠢᠵᠢᠭᠤᠯᠬᠤ ᠶᠢᠨ ᠠᠷᠭ᠎ᠠ | ᠦᠭᠡᠢ ᠪᠤᠯᠵᠤ᠂ ᠬᠢᠯᠢ ᠶᠢᠨ ᠰᠡᠷᠭᠡᠶᠢᠯᠡᠯᠲᠡ ᠪᠤᠯᠤᠨ ᠲᠠᠯᠠᠢ ᠶᠢᠨ ᠬᠠᠮᠠᠭᠠᠯᠠᠯᠲᠠ ᠪᠦᠭᠦ ᠲᠠᠯ᠎ᠠ ᠪᠠᠷ ᠡᠵᠡᠮᠲᠡᠯ ᠢᠶᠠᠨ | ᠠᠯᠳᠠᠵᠠᠢ᠃ ᠡᠨᠠᠭᠦ ᠬᠤᠭᠤᠴᠠᠭᠠᠨ ᠳᠠᠬᠢ ᠲᠠᠯᠠᠢ ᠶᠢᠨ ᠬᠠᠮᠠᠭᠠᠯᠠᠯᠲᠠ ᠪᠠ ᠬᠢᠯᠢ ᠶᠢᠨ ᠰᠠᠷᠭᠡᠶᠢᠯᠠᠯᠲᠠ ᠶᠢᠨ ᠲᠠᠮᠠᠴᠠᠯ ᠨᠢ | ᠳᠣᠮᠲᠠᠲᠤ ᠤᠯᠤᠰ ᠤᠨ ᠤᠯᠤᠰ ᠤᠨ ᠪᠠᠲᠣᠯᠠᠨ ᠬᠠᠮᠠᠭᠠᠯᠠᠯᠲᠠ ᠶᠢᠨ ᠪᠦᠭᠦ ᠲᠠᠯ᠎ᠠ ᠶᠢᠨ ᠲᠣᠭᠲᠠᠯᠴᠠᠭ᠎ᠠ ᠪᠠ ᠬᠢᠯᠢ | ᠬᠢᠵᠠᠭᠠᠷ ᠤᠨ ᠵᠠᠰᠠᠯᠲᠠ ᠳᠤ ᠠᠯᠣᠰ ᠬᠡᠲᠤ ᠶᠢᠨ ᠨᠦᠯᠣᠭᠡ ᠭᠠᠷᠭᠠᠪᠠ᠃ ᠡᠵᠡᠷᠬᠡᠭ ᠲᠦᠷᠢᠮᠡᠬᠡᠢ ᠬᠦᠴᠦᠷᠬᠡᠭ | ᠤᠯᠤᠰ ᠤᠳ ᠤᠨ ᠳᠤᠮᠳᠠᠳᠤ ᠤᠯᠤᠰ ᠢ ᠲᠦ᠋ᠷᠢᠮᠡᠬᠡᠶᠢᠯᠡᠬᠦ ᠪᠠ ᠡᠵᠡᠮᠳᠡᠬᠦ ᠨᠢ ᠵᠡᠭᠦᠨ ᠡᠮᠦᠨᠡᠲᠦ ᠳᠠᠯᠠᠢ ᠳᠠᠭᠠᠤ ᠣᠷᠤᠨ ᠤ | ᠬᠡᠰᠡᠭᠯᠡᠯ ᠳᠤ ᠪᠠᠨ ᠬᠠᠨᠤᠮᠵᠢ ᠦᠭᠡᠢ ᠪᠣᠯᠵᠤ᠂ ᠪᠠᠷᠠᠭᠤᠨ ᠬᠤᠶᠢᠲᠤ᠂ ᠪᠠᠷᠠᠭᠤᠨ ᠡᠮᠦᠨᠡᠲᠦ᠂ ᠵᠡᠭᠦᠨ ᠬᠤᠶᠢᠲᠤ | ᠣᠷᠤᠨ ᠴᠤ ᠠᠯᠬᠤᠮ ᠠᠯᠬᠤᠮ ᠢᠶᠠᠷ ᠬᠦ᠋ᠴᠦᠷᠬᠡᠭ ᠤᠯᠤᠰ ᠤᠳ ᠤᠨ ᠪᠤᠯᠢᠶᠠᠯᠳᠤᠬᠤ ᠬᠠᠷᠠᠯᠲᠠ ᠪᠣᠯᠪᠠ᠃ ᠬᠢᠯᠢ | ᠬᠢᠵᠠᠭᠠᠷ ᠤᠨ ᠬᠦᠨᠳᠦ ᠬᠡᠴᠡᠭᠦᠦ ᠬᠢᠮᠤᠷᠠᠯ ᠨᠢ ᠴᠢᠩ ᠤᠯᠤᠰ ᠤᠨ ᠵᠠᠰᠠᠭ ᠤᠨ ᠭᠠᠵᠠᠷ ᠤᠨ ᠰᠳ᠋ᠷᠠᠲ᠋ᠧᠭᠢ ᠶᠢᠨ | ᠲᠡᠩᠴᠡᠪᠦᠷᠢ ᠪᠠᠨ ᠠᠯᠳᠠᠵᠤ ᠵᠠᠰᠠᠬᠤ ᠬᠦᠴᠦᠨ ᠦᠭᠡᠢ ᠪᠣᠯᠤᠭᠰᠠᠨ ᠬᠦᠨᠳᠦ ᠨᠣᠴᠢᠲᠠᠢ ᠦᠷ᠎ᠡ ᠳ᠋ᠦᠩ ᠢ | ᠲᠦᠢᠯᠪᠤᠷᠢᠲᠠᠢ ᠢᠯᠡᠷᠡᠭᠦᠯᠵᠡᠢ᠃ | ᠬᠢᠯᠢ ᠬᠢᠵᠠᠭᠠᠷ ᠤᠨ ᠵᠠᠰᠠᠯᠲᠠ ᠨᠢ ᠤᠯᠤᠰ ᠣᠷᠣᠨ ᠤ ᠨᠢᠭᠡᠳᠦᠯ ᠪᠠ ᠲᠣᠭᠲᠠᠭᠤᠨ ᠪᠠᠶᠢᠳᠠᠯ ᠳᠤ | ᠬᠤᠯᠪᠣᠭᠳᠠᠵᠤ᠂ ᠤᠯᠤᠰ ᠤᠨ ᠠᠮᠤᠷ ᠲᠦᠪᠰᠢᠨ ᠪᠠ ᠬᠥᠭᠵᠢᠯᠲᠡ ᠳᠤ ᠬᠤᠯᠪᠣᠭᠳᠠᠨ᠎ᠠ᠃ ᠤᠯᠤᠰ ᠤᠨ ᠪᠠᠶᠢᠯᠳᠤᠬᠤ | ᠪᠣᠳᠣᠯᠭ᠎ᠠ ᠬᠡᠷᠪᠡ ᠲᠣᠭᠲᠠᠪᠤᠷᠢ ᠦᠭᠡᠶ ᠭᠤᠶᠢᠪᠢᠯᠵᠠᠵᠤ᠂ ᠬᠢᠯᠢ ᠬᠢᠵᠠᠭᠠᠷ ᠤᠨ ᠵᠠᠰᠠᠯᠲᠠ ᠤᠷᠲᠤ ᠬᠤᠭᠤᠴᠠᠭ᠎ᠠ ᠪᠠᠷ | ᠠᠷᠭ᠎ᠠ ᠪᠣᠳᠣᠯᠭ᠎ᠠ ᠪᠠᠨ ᠠᠯᠳᠠᠪᠠᠯ᠂ ᠤᠯᠤᠰ ᠤᠨ ᠬᠦᠴᠦᠨ ᠢ ᠮᠠᠭᠤᠲᠠᠭᠤᠯᠵᠤ᠂ ᠬᠦᠨᠳᠦ ᠨᠣᠴᠢᠲᠠᠢ ᠦᠷ᠎ᠡ ᠳ᠋ᠦᠩ | ᠭᠠᠷᠭᠠᠬᠤ ᠨᠢ ᠵᠠᠶᠢᠯᠠᠰᠢ ᠦᠭᠡᠢ ᠭᠡᠳᠡᠭ ᠢ ᠲᠡᠦᠬᠡ ᠶᠢᠨ ᠲᠤᠷᠰᠢᠯᠭ᠎ᠠ ᠪᠠ ᠰᠤᠷᠭᠠᠮᠵᠢ ᠬᠠᠷᠠᠭᠤᠯᠵᠠᠢ᠃ | ᠪᠤᠳᠠᠳᠣ ᠠᠬᠤᠢ ᠶᠢᠨ ᠦᠷᠢᠰᠦᠯᠳᠦᠭᠡᠨ᠄ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ | ᠬᠤᠪᠢᠰᠤᠯᠳᠠ ᠶᠢᠨ ᠲᠤᠮᠳᠠᠬᠢ ᠬᠢᠯᠢ ᠬᠢᠵᠠᠭᠠᠷ ᠤᠨ ᠠᠮᠤᠷ ᠲᠦᠪᠰᠢᠨ | ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ | ᠥᠩᠭᠡᠷᠡᠭᠡᠵᠦ ᠪᠤᠢ᠂ ᠤᠯᠠᠨ ᠤᠯᠤᠰ ᠤᠨ ᠭᠠᠵᠠᠷ ᠣᠷᠣᠨ ᠤ ᠤᠯᠤᠰ ᠲᠦᠷᠦ ᠶᠢᠨ ᠪᠠᠶᠢᠳᠠᠯ ᠨᠠᠷᠢᠨ ᠪᠤᠳᠤᠯᠢᠶᠠᠨᠲᠠᠢ | ᠪᠥᠭᠡᠳ ᠬᠤᠪᠢᠷᠠᠯᠲᠠ ᠶᠡᠬᠡᠲᠡᠢ᠂ ᠳᠡᠯᠡᠬᠡᠶᠢᠴᠢᠯᠡᠯᠲᠡ ᠪᠠ ᠰᠦᠷᠬᠡᠦ ᠳᠡᠯᠡᠬᠡᠶᠢᠴᠢᠯᠡᠯᠲᠡ ᠰᠣᠯᠪᠢᠴᠠᠵᠤ᠂ ᠠᠮᠤᠷ | ᠲᠦᠪᠰᠢᠨ ᠳᠤ ᠰᠦᠷᠳᠡᠭᠦᠯᠦᠯ ᠤᠴᠠᠷᠠᠭᠤᠯᠵᠤ ᠪᠠᠶᠢᠨ᠎ᠠ᠃ ᠬᠢᠯᠢ ᠬᠢᠵᠠᠭᠠᠷ ᠣᠷᠣᠨ ᠪᠣᠯ ᠮᠠᠨ ᠤ ᠤᠯᠤᠰ ᠤᠨ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠬᠤ ᠪᠠᠷ ᠪᠠᠷᠠᠬᠤ | ᠦᠭᠡᠢ᠂ ᠪᠠᠰᠠ ᠴᠤ ᠤᠯᠤᠰ ᠤᠨ ᠲᠣᠭᠲᠠᠭᠤᠨ ᠬᠥᠭᠵᠢᠯᠲᠡ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠲᠤᠯᠬᠤ | ᠴᠡᠭ ᠪᠠᠶᠢᠵᠤ᠂ ᠲᠤᠯᠭᠠᠷᠠᠵᠤ ᠪᠠᠶᠢᠭ᠎ᠠ ᠥᠷᠢᠰᠥᠯᠳᠦᠭᠡᠨ ᠨᠡᠩ ᠴᠤ ᠲᠤᠪᠤᠶᠢᠮ᠎ᠠ ᠪᠠᠶᠢᠨ᠎ᠠ᠃ ᠨᠢᠭᠡ ᠲᠠᠯ᠎ᠠ ᠪᠠᠷ᠂ | ᠭᠠᠳᠠᠭᠠᠳᠤ ᠬᠦᠴᠦᠨ ᠤ ᠮᠠᠨ ᠤ ᠤᠯᠤᠰ ᠤᠨ ᠬᠢᠯᠢ ᠬᠢᠵᠠᠭᠠᠷ ᠣᠷᠣᠨ ᠳᠤ ᠭᠠᠷ ᠳᠦᠷᠦᠬᠦ ᠪᠠᠶᠢᠳᠠᠯ ᠤᠯᠠᠮ ᠢᠯᠡᠷᠬᠡᠢ | ᠪᠣᠯᠵᠤ ᠪᠠᠶᠢᠨ᠎ᠠ᠃ ᠵᠠᠷᠢᠮ ᠤᠯᠤᠰ ᠪᠠ ᠳᠠᠶᠢᠰᠤᠩᠨᠠᠭᠴᠢ ᠬᠦᠴᠦᠨ ︽ᠬᠥᠮᠥᠨ ᠤ ᠡᠷᠬᠡ︾᠂ ︽ᠦᠨᠳᠦᠰᠦᠲᠡᠨ︾᠂ | ︽ᠱᠠᠰᠢᠨ ᠰᠤᠷᠲᠠᠬᠤᠨ︾ ᠢᠶᠠᠷ ᠰᠢᠯᠲᠠᠭ ᠪᠣᠯᠭᠠᠨ᠂ ᠬᠠᠭᠠᠴᠠᠭᠤᠯᠬᠤ᠂ ᠨᠡᠪᠴᠢᠯᠲᠡ ᠬᠢᠬᠦ ᠪᠠ ᠥᠳᠥᠭᠡᠬᠦ | ᠠᠵᠢᠯᠯᠠᠭ᠎ᠠ ᠬᠢᠵᠦ᠂ ᠮᠠᠨ ᠤ ᠤᠯᠤᠰ ᠤᠨ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠡᠪᠳᠡᠵᠦ᠂ ᠤᠯᠤᠰ | ᠣᠷᠣᠨ ᠤ ᠠᠮᠤᠷ ᠲᠥᠪᠰᠢᠨ ᠢ ᠬᠤᠬᠢᠷᠠᠭᠤᠯᠬᠤ ᠪᠠᠷ ᠭᠤᠷᠢᠳᠠᠨᠠ᠃ ᠨᠥᠭᠦᠭᠡ ᠲᠠᠯ᠎ᠠ ᠪᠠᠷ᠂ ᠬᠢᠯᠢ ᠬᠢᠵᠠᠭᠠᠷ ᠢ | ᠵᠠᠰᠠᠬᠤ ᠡᠭᠦᠷᠭᠡ ᠬᠠᠲᠠᠭᠤ ᠪᠡᠷᠬᠡ ᠪᠠᠶᠢᠨ᠎ᠠ᠃ ᠬᠢᠯᠢ ᠬᠢᠵᠠᠭᠠᠷ ᠣᠷᠣᠨ ᠭᠠᠵᠠᠷ ᠠᠭᠤᠳᠠᠮ ᠬᠥᠮᠦᠨ ᠴᠥᠭᠡᠨ᠂ | ᠪᠠᠶᠢᠭᠠᠯᠢ ᠶᠢᠨ ᠨᠥᠬᠦᠴᠡᠯ ᠨᠡᠯᠢᠶᠡᠳ ᠠᠨᠠᠶ᠂ ᠲᠡᠦᠬᠡᠨ ᠠᠴᠠ ᠦᠯᠡᠳᠡᠭᠳᠡᠭᠰᠡᠨ ᠠᠰᠠᠭᠤᠳᠠᠯ ᠪᠤᠳᠤᠯᠢᠶᠠᠨᠲᠠᠶ ᠪᠠᠶᠢᠵᠤ᠂ | ᠨᠡᠶᠢᠭᠡᠮ ᠤᠨ ᠵᠠᠰᠠᠯᠲᠠ ᠶᠢᠨ ᠬᠦᠴᠢᠷᠳᠡᠯ ᠨᠡᠯᠢᠶᠡᠳ ᠶᠡᠭᠡ᠂ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ ᠢ | ᠬᠥᠭᠵᠢᠭᠰᠡᠨ ᠭᠠᠵᠠᠷ ᠣᠷᠣᠨ ᠲᠠᠢ ᠬᠠᠷᠢᠴᠠᠭᠤᠯᠪᠠᠯ ᠮᠥᠨ ᠬᠦ ᠨᠡᠯᠢᠶᠡᠳ ᠶᠡᠭᠡ ᠵᠥᠷᠢᠶ᠎ᠡ ᠲᠠᠢ ᠪᠠᠶᠢᠭᠰᠠᠭᠠᠷ᠃ | ᠤᠯᠤᠰ ᠤᠨ ᠠᠮᠤᠷ ᠲᠦᠪᠰᠢᠨ ᠪᠣᠯ ᠦᠨᠳᠦᠰᠦᠲᠡᠨ ᠤ ᠰᠡᠷᠭᠦᠨ ᠮᠠᠨᠳᠤᠯᠲᠠ ᠶᠢᠨ ᠦᠨᠳᠦᠰᠦ ᠰᠠᠭᠤᠷᠢ | ᠮᠥᠨ᠂ ᠨᠡᠶᠢᠭᠡᠮ ᠤᠨ ᠲᠣᠭᠲᠠᠭᠤᠨ ᠪᠠᠶᠢᠳᠠᠯ ᠪᠣᠯ ᠤᠯᠤᠰ ᠣᠷᠣᠨ ᠤ ᠬᠦᠴᠦᠷᠬᠡᠭᠵᠢᠯ ᠤᠨ ᠤᠷᠢᠲᠠᠯ ᠮᠥᠨ᠃ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢ ᠬᠢᠯᠢ ᠬᠢᠵᠠᠭᠠᠷ ᠢ | ᠵᠠᠰᠠᠬᠤ ᠶᠢᠨ ᠬᠤᠷᠢᠭ᠎ᠠ ᠱᠤᠭᠤᠮ ᠤᠨ ᠱᠠᠭᠠᠷᠳᠠᠯᠭ᠎ᠠ ᠪᠣᠯᠭᠠᠬᠤ ᠶᠢ ᠪᠠᠷᠢᠮᠲᠠᠯᠠᠬᠤ ᠨᠢ ᠨᠠᠷᠢᠨ ᠪᠤᠳᠤᠯᠢᠶᠠᠨᠲᠠᠶ ᠣᠯᠠᠨ | ᠤᠯᠤᠰ ᠤᠨ ᠪᠠᠶᠢᠳᠠᠯ ᠤᠨ ᠲᠤᠬᠠᠶ ᠰᠢᠨᠵᠢᠯᠡᠬᠦ ᠤᠬᠠᠭᠠᠨᠴᠢ ᠮᠠᠭᠠᠳᠯᠠᠯᠲᠠ ᠪᠣᠯᠬᠤ ᠪᠠᠷ ᠪᠠᠷᠠᠬᠤ ᠦᠭᠡᠢ᠂ ᠪᠠᠰᠠ ᠴᠤ | ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ ᠪᠣᠯᠤᠨ᠎ᠠ᠃ | ᠡᠷᠬᠡᠪᠰᠢ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ | ᠤᠯᠤᠰ ᠤᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢ ᠬᠢᠯᠢ ᠬᠢᠵᠠᠭᠠᠷ ᠤᠨ | ᠵᠠᠰᠠᠯᠲᠠ ᠶᠢᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ | ᠬᠢᠯᠢ ᠬᠢᠵᠠᠭᠠᠷ ᠢ ᠬᠠᠣᠯᠢ ᠪᠠᠷ ᠵᠠᠰᠠᠬᠤ᠄ ᠬᠢᠯᠢ ᠬᠢᠵᠠᠭᠠᠷ ᠤᠨ ᠵᠠᠰᠠᠯᠲᠠ ᠶᠢᠨ ᠠᠵᠢᠯ ᠤᠨ ᠬᠠᠣᠯᠢ ᠪᠠᠷ | ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ | ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠣᠯ ᠤᠯᠤᠰ ᠤᠨ ᠵᠠᠰᠠᠯᠲᠠ ᠶᠢᠨ ᠨᠢᠭᠡ ᠤᠳᠠᠭᠠᠨ ᠤ | ᠭᠦᠨᠵᠡᠭᠡᠶ ᠬᠤᠪᠢᠰᠬᠠᠯ ᠮᠥᠨ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠶᠢᠨ ᠴᠢᠬᠤᠯᠠ | ᠪᠠᠲᠤᠯᠠᠭ᠎ᠠ ᠮᠥᠨ᠃ ᠬᠢᠯᠢ ᠬᠢᠵᠠᠭᠠᠷ ᠣᠷᠣᠨ ᠳᠤ᠂ ᠬᠠᠤᠯᠢ ᠪᠠᠷ ᠵᠠᠰᠠᠬᠤ ᠪᠣᠯ ᠤᠯᠤᠰ ᠤᠨ ᠠᠮᠤᠷ ᠲᠦᠪᠰᠢᠨ ᠪᠠ | ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠷᠭ᠎ᠠ ᠪᠠᠷᠢᠯ ᠪᠣᠯᠬᠤ ᠪᠠᠷ ᠪᠠᠷᠠᠬᠤ ᠦᠭᠡᠢ᠂ ᠪᠠᠰᠠ ᠴᠤ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠪᠡᠶᠡᠯᠡᠭᠦᠯᠬᠦ ᠶᠢᠨ ᠪᠠᠲᠤᠯᠠᠭ᠎ᠠ ᠮᠥᠨ᠃ ᠬᠢᠯᠢ ᠬᠢᠵᠠᠭᠠᠷ ᠤᠨ | ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠵᠠᠩᠭᠢᠯᠠᠭ᠎ᠠ ᠨᠢ ᠬᠠᠤᠯᠢ ᠶᠣᠰᠣᠭᠠᠷ ᠬᠢᠯᠢ ᠬᠢᠵᠠᠭᠠᠷ ᠢ | ᠵᠠᠰᠠᠬᠤ ᠳᠤ ᠪᠠᠶᠢᠨ᠎ᠠ᠃ ᠬᠢᠯᠢ ᠬᠢᠵᠠᠭᠠᠷ ᠤᠨ ᠬᠥᠭᠵᠢᠯᠲᠡ ᠯᠦᠭᠡ ᠲᠣᠬᠢᠷᠠᠯᠴᠠᠭᠰᠠᠨ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ | ᠶᠣᠰᠣᠨ ᠤ ᠡᠷᠬᠡ ᠠᠰᠢᠭ ᠢ ᠪᠠᠲᠤᠯᠠᠨ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠣᠯᠤᠨ ᠤᠯᠤᠰ ᠤᠨ | ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ | ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ | ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠬᠢᠯᠢ ᠬᠢᠵᠠᠭᠠᠷ ᠣᠷᠣᠨ ᠤ ᠨᠡᠶᠢᠭᠡᠮ ᠤᠨ ᠵᠠᠰᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ | ᠵᠢᠱᠢᠶᠡᠯᠡᠪᠡᠯ᠂ ᠬᠢᠯᠢ ᠬᠢᠵᠠᠭᠠᠷ ᠣᠷᠤᠨ ᠤ ᠠᠮᠢ ᠠᠬᠤᠢ ᠶᠢᠨ ᠠᠮᠤᠷ ᠲᠥᠪᠰᠢᠨ ᠳᠤ ᠴᠢᠭᠯᠡᠭᠦᠯᠦᠨ᠂ ᠣᠶᠢᠷ᠎ᠠ ᠶᠢᠨ | ᠵᠢᠯ ᠤᠨ ᠲᠣᠷᠰᠢ ᠮᠠᠨ ᠤ ᠤᠯᠤᠰ ︽ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠤᠯᠢ︾᠂ ︽ᠳᠠᠯᠠᠢ ᠲᠠᠩᠭᠢᠰ ᠤᠨ | ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠤᠯᠢ︾ ᠳᠤ ᠵᠠᠰᠠᠪᠤᠷᠢ ᠣᠷᠤᠭᠤᠯᠵᠤ᠂ ︽ᠬᠦᠬᠡᠨᠠᠭᠤᠷ ᠲᠥᠪᠡᠳ ᠤᠨ | ᠦᠨᠳᠦᠷᠯᠢᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠠᠤᠯᠢ︾᠂ ︽ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠥᠷᠢ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠨᠡᠶᠢᠲᠡᠯᠡᠨ᠂ ᠬᠢᠯᠢ ᠬᠢᠵᠠᠭᠠᠷ ᠣᠷᠤᠨ ᠤ | ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠴᠢᠬᠤᠯᠠ | ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠮᠢ ᠠᠬᠤᠢ ᠶᠢᠨ ᠬᠠᠯᠬᠠᠪᠴᠢ ᠶᠢᠨ | ᠴᠢᠳᠠᠮᠵᠢ ᠶᠢ ᠰᠡᠷᠭᠦᠭᠡᠪᠡ᠃ ᠡᠳᠡᠭᠡᠷ ᠠᠷᠭ᠎ᠠ ᠬᠡᠮᠵᠢᠶ᠎ᠡ ᠨᠢ ᠬᠢᠯᠢ ᠬᠢᠵᠠᠭᠠᠷ ᠣᠷᠣᠨ ᠤ ᠦᠢᠯᠡᠳᠪᠦᠷᠢᠯᠡᠯ | ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠦᠷᠭᠦᠯᠵᠢᠯᠡᠬᠦᠶᠢᠴᠡ | ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠦᠭᠰᠡᠨ ᠪᠠᠶᠢᠨ᠎ᠠ᠃ | ᠶᠦᠨᠨᠠᠨ ᠮᠤᠵᠢ ᠶᠢᠨ ᠬᠠᠮᠤᠭ ᠡᠮᠦᠨ᠎ᠡ ᠬᠡᠰᠡᠭ ᠣᠷᠣᠰᠢᠬᠤ ᠮᠣᠸᠧ ᠬᠠᠨ᠂ ᠳᠤᠮᠳᠠᠳᠤ ᠯᠠᠤᠰ ᠤᠨ ᠲᠡᠮᠦᠷ | ᠵᠠᠮ᠂ ᠺᠦᠨᠮᠢᠩ ᠠᠴᠠ ᠪᠠᠩ ᠭᠦ᠋ ᠬᠦᠷᠬᠦ ᠤᠯᠠᠨ ᠤᠯᠤᠰ ᠤᠨ ᠵᠠᠰᠠᠮᠠᠯ ᠵᠠᠮ ᠤᠨ ᠵᠠᠩᠭᠢᠯᠠᠭ᠎ᠠ ᠶᠢᠨ ᠴᠡᠭ᠂ ᠮᠠᠨ ᠤ | ᠤᠯᠤᠰ ᠤᠨ ᠯᠠᠤᠰ ᠲᠤ ᠨᠡᠪᠲᠡᠷᠡᠬᠦ ᠤᠯᠤᠰ ᠤᠨ ᠲᠡᠰ ᠤᠨ ᠬᠠᠭᠤᠷᠠᠢ ᠵᠠᠮ ᠤᠨ ᠪᠣᠭᠤᠮᠲᠠ ᠪᠣᠯᠤᠨ᠎ᠠ᠃ ᠵᠢᠷᠤᠭ ᠪᠣᠯ | ᠮᠣᠸᠧ ᠬᠠᠨ ᠤ ᠨᠢᠭᠡ ᠬᠡᠰᠡᠭ ᠦᠵᠡᠮᠵᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠴᠧᠨ ᠰᠢᠨ ᠪᠥᠸᠧ | ᠰᠡᠭᠦᠳᠡᠷᠯᠡᠪᠡ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ᠄ ᠬᠢᠯᠢ | ᠬᠢᠵᠠᠭᠠᠷ ᠤᠨ ᠦᠨᠳᠦᠰᠦᠲᠡᠨ ᠤ ᠣᠷᠣᠨ ᠤ ᠠᠵᠢᠯ ᠤᠨ ᠭᠤᠤᠯ ᠱᠤᠭᠤᠮ | ᠮᠠᠨ ᠤ ᠤᠯᠤᠰ ᠤᠨ ᠬᠢᠯᠢ ᠬᠢᠵᠠᠭᠠᠷ ᠤᠷᠤᠨ ᠪᠤᠯ ᠤᠯᠠᠨ ᠦᠨᠳᠦᠰᠦᠳᠡᠨ ᠲᠦᠪᠯᠡᠷᠡᠨ ᠰᠠᠭᠤᠷᠢᠰᠢᠭᠰᠠᠨ | ᠤᠷᠤᠨ ᠪᠤᠯᠤᠨ᠎ᠠ᠂ ᠡᠷᠬᠡᠪᠰᠢ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠶᠢ | ᠠᠬᠢᠭᠤᠯᠬᠤ ᠶᠢ ᠬᠢᠯᠢ ᠬᠢᠵᠠᠭᠠᠷ ᠤᠨ ᠦᠨᠳᠦᠰᠦᠳᠡᠨ ᠤ ᠤᠷᠤᠨ ᠤ ᠠᠵᠢᠯ ᠤᠨ ᠭᠤᠤᠯ ᠰᠢᠵᠢᠮ ᠪᠤᠯᠭᠠᠬᠤ ᠶᠢ | ᠪᠠᠷᠢᠮᠳᠠᠯᠠᠵᠦ᠂ ᠦᠵᠡᠯ ᠰᠠᠨᠠᠭ᠎ᠠ᠂ ᠪᠠᠶᠢᠭᠤᠯᠤᠯ᠂ ᠦᠢᠯᠡᠳᠦᠯᠭᠡ ᠶᠢᠨ ᠲᠠᠯ᠎ᠠ ᠪᠠᠷ ᠤᠯᠠᠨ ᠲᠠᠯ᠎ᠠ ᠪᠠᠷ ᠵᠡᠷᠭᠡ ᠪᠠᠷ | ᠬᠠᠮᠢᠶᠠᠷᠴᠦ᠂ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠲᠠᠰᠤᠷᠠᠯᠳᠠ ᠦᠭᠡᠢ | ᠪᠠᠳᠤ ᠴᠤᠬᠴᠠᠯᠠᠵᠦ᠂ ᠦᠨᠳᠤᠰᠤᠳᠡᠨ ᠨᠦᠭᠦᠳ ᠢ ᠠᠨᠠᠷ ᠤᠨ ᠦᠷ᠎ᠠ ᠰᠢᠭ ᠪᠦᠯᠬᠦᠮᠳᠡᠨ ᠨᠢᠬᠳᠠᠷᠠᠬᠤ ᠶᠢ ᠠᠬᠢᠭᠤᠯᠬᠤ | ᠭᠡᠷᠡᠭᠲᠡᠢ᠃ | ᠦᠵᠡᠯ ᠰᠠᠨᠠᠭᠠᠨ ᠤ ᠲᠠᠯ᠎ᠠ ᠪᠠᠷ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ | ᠥᠷᠭᠡᠨ ᠢᠶᠠᠷ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ | ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ | ᠳᠤᠮᠳᠠᠳᠤ ᠶᠢᠨ ᠦᠨᠳᠦᠰᠦᠲᠡᠨ ᠤ ᠵᠥᠪ ᠲᠡᠦᠬᠡ ᠶᠢᠨ ᠦᠵᠡᠯᠲᠡ ᠶᠢ ᠪᠠᠲᠤ ᠪᠤᠢ ᠪᠣᠯᠭᠠᠵᠤ᠂ ︽ᠲᠠᠪᠤᠨ ᠬᠠᠮᠲᠤ ᠶᠢᠨ | ᠲᠠᠨᠢᠯᠲᠠ︾ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ | ᠣᠷᠣᠨ ᠢ ᠪᠠᠶᠢᠭᠤᠯᠬᠤ ᠬᠡᠷᠡᠭᠲᠡᠢ᠃ ᠪᠠᠶᠢᠭᠤᠯᠤᠯ ᠤᠨ ᠲᠠᠯ᠎ᠠ ᠪᠠᠷ᠂ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ | ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠶ᠃ ᠦᠢᠯᠡᠳᠦᠯᠭᠡ ᠶᠢᠨ ᠲᠠᠯ᠎ᠠ ᠪᠠᠷ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠭᠡ ᠬᠡᠯᠡ ᠪᠠᠷ | ᠰᠡᠳᠬᠢᠯ ᠤᠨ ᠨᠡᠪᠲᠡᠷᠡᠯᠴᠡᠭᠡ᠂ ᠬᠤᠪᠢ ᠵᠠᠶᠠᠭᠠᠨ ᠤ ᠨᠡᠪᠲᠡᠷᠡᠯᠴᠡᠭᠡ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷᠢᠯᠴᠠᠨ | ᠰᠢᠭᠢᠳᠬᠡᠭᠰᠡᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠢᠳᠡᠪᠬᠢᠲᠡᠶ ᠪᠠᠷ | ᠪᠠᠶᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ | ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ | ᠴᠢᠨᠠᠷ ᠰᠠᠶᠢᠲᠠᠶ ᠬᠥᠭᠵᠢᠯᠲᠡ᠄ ᠬᠢᠯᠢ ᠬᠢᠵᠠᠭᠠᠷ ᠤᠨ ᠵᠠᠰᠠᠯᠲᠠ ᠶᠢᠨ ᠬᠦᠴᠢᠷ ᠠᠰᠠᠭᠤᠳᠠᠯ ᠢ | ᠰᠢᠢᠳᠪᠦᠷᠢᠯᠡᠬᠦ ᠶᠢᠨ ᠵᠠᠩᠭᠢᠯᠠᠭ᠎ᠠ | ᠬᠢᠯᠢ ᠬᠢᠵᠠᠭᠠᠷ ᠣᠷᠣᠨ ᠢ ᠲᠣᠭᠲᠠᠭᠤᠨ ᠪᠠᠶᠢᠯᠭᠠᠬᠤ ᠪᠠᠷ ᠪᠠᠷᠠᠬᠤ ᠦᠭᠡᠶ ᠨᠡᠩ ᠬᠥᠭᠵᠢᠭᠦᠯᠬᠦ ᠬᠡᠷᠡᠭᠲᠡᠶ᠃ | ᠬᠢᠯᠢ ᠬᠢᠵᠠᠭᠠᠷ ᠤᠷᠤᠨ ᠪᠤᠯ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠴᠢᠬᠤᠯᠠ | ᠪᠦᠷᠢᠯᠳᠦᠬᠦᠨ ᠭᠡᠰᠡᠭ ᠮᠦᠨ᠂ ᠬᠢᠯᠢ ᠬᠢᠵᠠᠭᠠᠷ ᠤᠷᠤᠨ ᠤ ᠬᠦᠭᠵᠢᠯᠳᠠ ᠶᠢ ᠲᠤᠮᠳᠠᠳᠤ ᠤᠯᠤᠰ ᠤᠨ ᠮᠠᠶ᠋ᠢᠬ ᠤᠨ | ᠤᠳᠤᠬᠢᠴᠢᠯᠠᠬᠰᠡᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠳᠤ ᠤᠷᠤᠭᠤᠯᠵᠤ᠂ ᠤᠷᠤᠨ ᠪᠦᠰᠡ ᠶᠢᠨ | ᠵᠤᠬᠢᠴᠠᠩᠭᠤᠢ ᠬᠦᠭᠵᠢᠯᠳᠠ ᠶᠢᠨ ᠪᠠᠶᠢᠯᠳᠤᠬᠤ ᠪᠤᠳᠤᠯᠭ᠎ᠠ᠂ ᠤᠷᠤᠨ ᠪᠦᠰᠡ ᠶᠢᠨ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠳᠤ ᠤᠷᠤᠭᠤᠯᠵᠤ᠂ ᠬᠢᠯᠢ ᠬᠢᠵᠠᠭᠠᠷ ᠤᠷᠤᠨ ᠤ ᠴᠢᠨᠠᠷ ᠰᠠᠶᠢᠳᠠᠢ ᠬᠦᠭᠵᠢᠯᠳᠠ ᠶᠢ ᠲᠦᠷᠭᠡᠳᠭᠡᠨ | ᠠᠬᠢᠭᠤᠯᠬᠤ ᠭᠡᠷᠡᠭᠳᠠᠢ᠃ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠶᠡᠭᠡ ᠡᠭᠦᠷᠭᠡ ᠮᠥᠨ᠃ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ | ᠣᠯᠭᠤᠬᠤ ᠶᠢ ᠴᠢᠩᠭᠠᠳᠬᠠᠵᠤ᠂ ᠤᠯᠤᠰ ᠢᠶᠠᠨ ᠬᠠᠮᠠᠭᠠᠯᠠᠵᠤ ᠬᠢᠯᠢ ᠪᠠᠨ ᠬᠠᠮᠠᠭᠠᠯᠠᠬᠤ ᠪᠦᠬᠦᠯᠢ ᠴᠣᠭᠴᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠵᠦ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ | ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠬᠢᠯᠢ ᠬᠢᠵᠠᠭᠠᠷ ᠣᠷᠣᠨ ᠤ ᠰᠠᠭᠤᠷᠢ | ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠳᠤᠲᠠᠭᠤᠳᠠᠯ ᠢᠶᠠᠨ ᠨᠥᠬᠦᠪᠥᠷᠢᠯᠡᠵᠦ᠂ ᠬᠢᠯᠢ ᠬᠢᠵᠠᠭᠠᠷ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ | ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ | ᠦᠭᠡᠢ ᠳᠡᠭᠡᠭᠰᠢᠯᠡᠭᠦᠯᠬᠦ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠢ ᠨᠡᠮᠡᠭᠳᠡᠭᠦᠯᠬᠦ᠂ | ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠪᠠᠷᠢᠮᠲᠠᠯᠠᠵᠤ᠂ ᠬᠢᠯᠢ ᠬᠢᠵᠠᠭᠠᠷ ᠣᠷᠣᠨ ᠤ ᠳᠠᠯᠠᠶ ᠳᠠᠭᠠᠤ᠂ ᠬᠢᠯᠢ | ᠳᠠᠭᠠᠤ ᠶᠢᠨ ᠭᠠᠵᠠᠷ ᠣᠷᠣᠨ ᠤ ᠳᠠᠪᠠᠭᠤᠯᠢᠭ ᠢ ᠪᠠᠳᠠᠷᠠᠭᠤᠯᠤᠨ᠂ ᠪᠦᠬᠦ ᠤᠯᠤᠰ ᠤᠨ ᠨᠢᠭᠡᠳᠦᠯᠲᠡᠶ ᠲᠣᠮᠣ ᠵᠠᠬ᠎ᠠ | ᠳᠡᠯᠭᠡᠭᠦᠷ ᠲᠤ ᠢᠳᠡᠪᠬᠢᠲᠡᠶ ᠠᠭᠤᠰᠤᠯᠴᠠᠵᠤ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ | ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠣᠯᠠᠨ ᠶᠠᠩᠵᠤᠴᠢᠯᠠᠭᠰᠠᠨ ᠨᠡᠭᠡᠭᠡᠯᠲᠡ ᠶᠢᠨ ᠥᠨᠳᠦᠷᠯᠢᠭ ᠭᠠᠵᠠᠷ ᠢ | ᠪᠠᠶᠢᠭᠤᠯᠵᠤ᠂ ᠡᠬᠡ ᠬᠠᠭᠤᠷᠠᠶ ᠪᠠ ᠤᠯᠤᠰ ᠤᠨ ᠳᠣᠲᠣᠭᠠᠳᠤ ᠭᠠᠳᠠᠭᠠᠳᠤ ᠬᠤᠯᠪᠣᠭᠠᠯᠠᠨ ᠬᠥᠳᠡᠯᠦᠯᠴᠡᠬᠦ᠂ ᠵᠡᠭᠦᠨ | ᠪᠠᠷᠠᠭᠤᠨ ᠬᠤᠶᠠᠷ ᠲᠠᠯ᠎ᠠ ᠪᠠᠷ ᠢᠶᠠᠨ ᠬᠠᠷᠢᠯᠴᠠᠨ ᠲᠡᠳᠬᠦᠬᠦ ᠪᠦᠬᠦ ᠲᠠᠯ᠎ᠠ ᠪᠠᠷ ᠨᠡᠭᠡᠭᠡᠯᠲᠡ ᠬᠢᠬᠦ ᠪᠠᠶᠢᠷᠢᠰᠢᠯ ᠢ ᠪᠣᠶ | ᠪᠣᠯᠭᠠᠵᠤ᠂ ᠠᠵᠤ ᠠᠬᠤᠶ ᠶᠢᠨ ᠬᠥᠭᠵᠢᠯᠲᠡ ᠬᠢᠭᠡᠳ ᠨᠡᠶᠢᠭᠡᠮ ᠤᠨ ᠵᠠᠰᠠᠯᠲᠠ ᠶᠢᠨ ᠰᠠᠶᠢᠨ ᠦᠢᠯᠡᠳᠦᠯᠴᠡᠯ ᠢ | ᠪᠡᠶᠡᠯᠡᠭᠦᠯᠦᠨ᠎ᠡ᠃ | ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠢᠯᠢ ᠬᠢᠵᠠᠭᠠᠷ | ᠣᠷᠣᠨ ᠨᠢᠭᠡ ᠨᠢ ᠴᠦ ᠳᠤᠲᠠᠭᠳᠠᠵᠤ ᠪᠣᠯᠬᠤ ᠦᠭᠡᠢ᠃ ᠰᠢᠨ᠎ᠡ ᠠᠶᠠᠨ ᠵᠠᠮ ᠳᠤ᠂ ᠪᠢᠳᠡ ᠨᠡᠩ ᠡᠷᠡᠰ ᠪᠠᠲᠤ ᠵᠣᠷᠢᠭ | ᠪᠠ ᠨᠡᠩ ᠬᠦᠴᠦᠲᠡᠢ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠤᠨ ᠵᠠᠰᠠᠯᠲᠠ ᠶᠢᠨ ᠰᠢᠨ᠎ᠡ | ᠬᠠᠭᠤᠳᠠᠰᠤ ᠶᠢ ᠪᠢᠴᠢᠭᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ᠃ | |