﹇ᠪᠡᠳᠺᠡᠷ ᠰᠦᠮ᠎ᠡ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ﹈ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ  ᠳᠤ ᠲᠤᠯᠠᠭᠠᠴᠠ ᠲᠠᠢ  ᠪᠤᠳᠠᠳᠠᠢ ᠶᠢ ᠦᠨᠳᠦᠰᠦᠯᠡᠨ ᠶᠠᠪᠤᠳᠠᠯ ᠭᠦᠢᠴᠡᠳᠬᠡᠬᠦ ᠳᠤ ᠬᠤᠷᠳᠤᠴᠠ  ᠲᠠᠢ
ᠨᠡᠶᠢᠲᠡᠯᠡᠭᠰᠡᠨ ᠴᠠᠭ᠄
2024/12/4
        ︽ᠰᠢᠶᠣᠤ ᠵᠤᠤ᠂ ᠪᠢ ᠡᠪᠦᠭᠡᠨ ᠳᠡᠭᠡᠨ ᠨᠢᠭᠡ ᠰᠣᠨᠣᠷ ᠲᠣᠳᠣᠳᠬᠠᠭᠤᠷ ᠢ ᠭᠤᠶᠤᠴᠢᠯᠠᠶ᠎ᠠ ᠭᠡᠵᠦ ᠪᠣᠳᠣᠵᠤ ᠪᠠᠶᠢᠨ᠎ᠠ᠂ ᠮᠠᠲ᠋ᠧᠷᠢᠶᠠᠯ ᠢ ᠭᠠᠷ ᠤᠲᠠᠰᠤᠨ ᠳᠡᠭᠡᠷ᠎ᠡ ᠴᠢᠨᠢ ᠶᠠᠪᠤᠭᠤᠯᠴᠢᠬᠠᠵᠠᠢ᠂ ᠴᠢᠮ᠎ᠠ ᠶᠢ ᠵᠦᠳᠡᠭᠡᠶ᠎ᠡ ᠁︾ ︽ᠠᠰᠠᠭᠤᠳᠠᠯ ᠦᠭᠡᠢ︕ ᠠᠨᠢᠶ᠎ᠠ ᠲᠠ ᠰᠠᠨᠠᠭ᠎ᠠ ᠠᠮᠤᠷ ᠪᠠᠢ᠂ ᠣᠳᠣᠬᠠᠨ ᠲᠠᠨ ᠳᠤ ᠬᠠᠪᠰᠤᠷᠤᠨ ᠰᠢᠢᠳᠪᠦᠷᠢᠯᠡᠵᠦ ᠥᠭᠭᠦᠶ᠎ᠡ︾ ᠭᠡᠪᠡ᠃ ᠡᠨᠡ ᠪᠣᠯ ᠪᠡᠳᠺᠡᠷ ᠰᠦᠮ᠎ᠡ ᠪᠠᠯᠭᠠᠰᠤᠨ ᠤ ᠵᠡᠮᠳᠡᠭᠴᠦᠳ ᠤᠨ ᠬᠤᠯᠪᠤᠭᠠᠨ ᠤ ᠠᠵᠢᠯᠲᠠᠨ ᠰᠢᠶᠤᠤ ᠵᠤᠤ ᠶᠢᠨ ᠨᠢᠭᠡ ᠡᠳᠦᠷ ᠤᠨ ᠠᠵᠢᠯ ᠤᠨ ᠲᠦᠷᠰᠦ ᠰᠡᠭᠦᠳᠡᠷ ᠪᠥᠭᠡᠳ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠪᠣᠯᠤᠨ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ᠤᠨ ᠺᠠᠳ᠋ᠷ ᠠᠵᠢᠯᠲᠠᠨ ᠨᠢᠭᠡᠪᠦᠷᠢ ᠶᠢᠨ ᠡᠳᠦᠷ ᠲᠤᠳᠤᠮ ᠤᠨ ᠠᠮᠢᠳᠤᠷᠠᠯ ᠪᠣᠯᠤᠨ᠎ᠠ᠃
1.jpg
        2023 ᠣᠨ ᠳᠤ᠂ ᠪᠡᠳᠺᠡᠷ ᠰᠦᠮ᠎ᠡ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠢ ᠬᠠᠪᠰᠤᠷᠤᠨ ᠡᠷᠭᠢᠯᠡᠵᠦ ᠣᠷᠣᠯᠠᠨ ᠭᠦᠢᠴᠡᠳᠭᠡᠬᠦ ᠦᠢᠯᠡᠴᠢᠯᠡᠭᠡ ᠭᠠᠷᠭᠠᠵᠤ᠂ ᠵᠡᠮᠳᠡᠭᠴᠦᠳ ᠤᠨ ᠬᠡᠷ  ᠲᠤ ᠴᠥᠮ ︽ᠪᠡᠳᠺᠡᠷ ᠰᠦᠮ᠎ᠡ ᠪᠠᠯᠭᠠᠰᠤᠨ ᠤ ᠵᠡᠮᠳᠡᠭᠴᠦᠳ ᠢ ᠬᠠᠪᠰᠤᠷᠤᠨ ᠡᠷᠭᠢᠯᠡᠵᠦ ᠣᠷᠣᠯᠠᠨ ᠭᠦᠢᠴᠡᠳᠭᠡᠬᠦ ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠤ ᠬᠠᠷᠢᠯᠴᠠᠬᠤ ᠺᠠᠷᠲ︾ ᠲᠠᠢ ᠪᠠᠶᠢᠵᠤ᠂ ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠤ ᠬᠠᠷᠢᠯᠴᠠᠬᠤ ᠺᠠᠷᠲ ᠨᠢ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠪᠣᠯᠤᠨ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ᠤᠨ ᠠᠵᠢᠯᠲᠠᠨ ᠤ ᠬᠠᠷᠢᠯᠴᠠᠬᠤ ᠤᠲᠠᠰᠤ ᠶᠢ ᠲᠡᠮᠳᠡᠭᠯᠡᠵᠦ᠂ 24 ᠴᠠᠭ ᠤᠨ ᠬᠡᠷᠡᠭᠴᠡᠭᠡ ᠪᠥᠬᠦᠶ ᠵᠡᠮᠳᠡᠭᠴᠦᠳ ᠲᠤ ᠦᠢᠯᠡᠴᠢᠯᠡᠭᠡ ᠬᠠᠩᠭᠠᠬᠤ ᠶᠢ ᠪᠡᠶᠡᠯᠡᠭᠦᠯᠪᠡ᠃
2.jpg
        ᠡᠨᠡ ᠵᠢᠯ ᠠᠴᠠ ᠨᠠᠭᠠᠰᠢ᠂ ᠪᠡᠳᠺᠡᠷ ᠰᠦᠮ᠎ᠡ ᠪᠠᠯᠭᠠᠰᠤᠨ ᠤ ᠵᠡᠮᠳᠡᠭᠴᠦᠳ ᠤᠨ ᠬᠤᠯᠪᠤᠭ᠎ᠠ ᠵᠢᠴᠢ ᠡᠯ᠎ᠡ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ᠤᠨ ᠺᠠᠳ᠋ᠷ ᠠᠵᠢᠯᠲᠠᠨ ᠲᠣᠭᠲᠠᠮᠠᠯ ᠬᠤᠭᠤᠴᠠᠭ᠎ᠠ ᠲᠠᠢ ᠪᠠᠷ ᠬᠡᠷ ᠲᠤᠨᠢ ᠬᠦᠷᠴᠦ᠂ ᠰᠠᠨᠠᠭᠠᠴᠢᠯᠠᠭ᠎ᠠ ᠠᠴᠠ ᠪᠠᠨ ᠭᠤᠷᠪᠠᠨ ᠲᠥᠷᠥᠯ ᠤᠨ ᠬᠢᠨᠠᠨ ᠰᠢᠯᠭᠠᠬᠤ ᠡᠷᠦᠬᠡ ︵ᠶᠠᠳᠠᠭᠤ ᠠᠴᠠ ᠠᠩᠭᠢᠵᠢᠷᠠᠭᠤᠯᠤᠭᠰᠠᠨ ᠲᠣᠭᠲᠠᠭᠤᠨ ᠪᠤᠰᠤ᠂ ᠵᠠᠬ᠎ᠠ ᠬᠢᠵᠠᠭᠠᠷ ᠣᠷᠣᠨ ᠤ ᠶᠠᠳᠠᠭᠤᠷᠠᠯ᠂ ᠭᠡᠨᠡᠳᠲᠡ ᠶᠢᠨ ᠬᠦᠨᠳᠦ ᠨᠣᠴᠢᠲᠠᠶ ᠬᠦᠴᠢᠷᠳᠡᠯ︶ ᠶᠢᠨ ᠵᠡᠮᠳᠡᠭᠴᠦᠳ ᠤᠨ ᠬᠡᠷ ᠪᠦᠯᠢ ᠳᠤ ᠬᠦᠷᠴᠦ 104 ᠤᠳᠠᠭ᠎ᠠ ᠰᠤᠷᠪᠤᠯᠵᠢᠯᠠᠪᠠ᠃ ᠬᠡᠷ ᠲᠤᠨᠢ ᠬᠦᠷᠴᠦ 20 ᠨᠡᠷᠡᠰ ᠵᠡᠮᠳᠡᠭᠴᠦᠳ ᠲᠤ ᠠᠮᠢᠳᠤᠷᠠᠯ ᠤᠨ ᠬᠦᠴᠢᠷᠳᠡᠯ ᠤᠨ ᠨᠥᠬᠦᠪᠥᠷᠢ ᠭᠤᠶᠤᠴᠢᠯᠠᠨ ᠮᠡᠳᠡᠭᠦᠯᠬᠦ ᠭᠠᠷ ᠭᠦᠢᠴᠡᠳᠬᠡᠯ ᠢ ᠬᠠᠪᠰᠤᠷᠤᠨ ᠭᠦᠢᠴᠡᠳᠬᠡᠵᠦ᠂ 27 ᠨᠡᠷᠡᠰ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠮᠠᠲ᠋ᠧᠷᠢᠶᠠᠯ ᠢ ᠴᠤᠭᠯᠠᠭᠤᠯᠪᠠ︔ 44 ᠨᠡᠷᠡᠰ ᠵᠡᠮᠳᠡᠭᠴᠦᠳ ᠢ ᠬᠠᠪᠰᠤᠷᠤᠨ ᠲᠤᠰᠠᠯᠠᠬᠤ ᠪᠠᠭᠠᠵᠢ ᠶᠢᠨ ᠭᠤᠶᠤᠴᠢᠯᠠᠯ ᠤᠨ ᠮᠠᠲ᠋ᠧᠷᠢᠶᠠᠯ ᠢ ᠲᠠᠭᠯᠠᠵᠤ ᠦᠭᠪᠡ︔ ᠮᠠᠰᠢᠨᠲᠤ ᠬᠦᠷᠳᠦᠲᠦ ᠰᠠᠨᠳᠠᠯᠢ ᠶᠢᠨ ᠲᠡᠷᠭᠡ ᠲᠠᠢ ᠵᠡᠮᠳᠡᠭᠴᠦᠳ ᠲᠤ 1 ᠤᠳᠠᠭ᠎ᠠ ᠬᠠᠮᠢᠶ᠎ᠠ ᠪᠦᠬᠦᠢ ᠮᠠᠲ᠋ᠧᠷᠢᠶᠠᠯ ᠢ ᠴᠤᠭᠯᠠᠭᠤᠯᠤᠨ ᠮᠡᠳᠡᠭᠦᠯᠦᠨ ᠬᠦᠷᠭᠡᠪᠡ︔ ᠬᠡᠷ ᠲᠤᠨᠢ ᠬᠦᠷᠴᠦ ᠵᠡᠮᠳᠡᠭᠴᠦᠳ ᠲᠤ ᠵᠡᠮᠳᠡᠭᠴᠦᠳ ᠤᠨ ᠦᠨᠡᠮᠯᠡᠯ ᠢ ᠬᠦᠴᠦᠨ ᠦᠭᠡᠢ ᠪᠣᠯᠭᠠᠬᠤ ᠦᠢᠯᠡᠴᠢᠯᠡᠭᠡ 7 ᠤᠳᠠᠭ᠎ᠠ ᠬᠠᠩᠭᠠᠪᠠ︔ ᠵᠡᠮᠳᠡᠭ ᠬᠥᠮᠦᠨ ᠤ ᠦᠨᠡᠮᠯᠡᠯ ᠭᠤᠶᠤᠴᠢᠯᠠᠬᠤ ᠬᠠᠮᠢᠶ᠎ᠠ ᠪᠥᠬᠦᠶ ᠠᠵᠢᠯ ᠢ 47 ᠤᠳᠠᠭ᠎ᠠ ᠬᠦᠢᠴᠡᠳᠭᠡᠪᠡ︔ ᠬᠡᠷ ᠲᠤᠨᠢ ᠬᠦᠷᠴᠦ ᠬᠡᠷ ᠪᠦᠯᠢ ᠶᠢᠨ ᠬᠠᠷᠰᠢ ᠰᠠᠭᠠᠳ ᠥᠬᠡᠶ ᠥᠭᠡᠷᠡᠴᠢᠯᠡᠯᠲᠡ ᠶᠢ 14 ᠤᠳᠠᠭ᠎ᠠ ᠬᠢᠪᠡ︔ ᠬᠦᠳᠡᠯᠮᠦᠷᠢᠯᠡᠬᠦ ᠨᠠᠰᠤᠨ ᠤ ᠬᠤᠭᠤᠴᠠᠭᠠᠨ ᠳᠤ ᠠᠵᠢᠯ ᠤᠯᠬᠤ ᠴᠢᠳᠠᠪᠤᠷᠢ ᠲᠠᠢ ᠪᠠ ᠠᠵᠢᠯ ᠤᠯᠬᠤ ᠬᠦᠰᠡᠯ ᠲᠠᠢ ᠵᠡᠮᠳᠡᠭᠴᠦᠳ ᠲᠤ 13 ᠤᠳᠠᠭ᠎ᠠ ᠠᠵᠢᠯ ᠤᠯᠬᠤ ᠠᠵᠤ ᠠᠬᠤᠶᠢᠯᠠᠯ ᠤᠨ ᠮᠡᠳᠡᠭᠡ ᠵᠠᠩᠭᠢ ᠵᠢᠴᠢ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠬᠠᠩᠭᠠᠪᠠ︔ ᠬᠤᠲᠠ ᠶᠢᠨ ᠳᠣᠲᠣᠷᠠᠬᠢ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠬᠡᠷᠡᠭᠴᠡᠭᠡ ᠲᠠᠢ ᠵᠡᠮᠳᠡᠭᠴᠦᠳ ᠲᠤ 22 ᠤᠳᠠᠭ᠎ᠠ ᠬᠠᠶᠢᠷ᠎ᠠ ᠬᠠᠯᠠᠮᠵᠢ ᠶᠢᠨ ᠨᠡᠶᠢᠲᠡ ᠶᠢᠨ ᠮᠠᠰᠢᠨ ᠲᠡᠷᠭᠡᠨ ᠤ ᠺᠠᠷᠲ ᠭᠤᠶᠤᠴᠢᠯᠠᠪᠠ︔ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠡᠭᠦᠳᠡᠨ ᠦᠢᠯᠡᠴᠢᠯᠡᠭᠡ 300 ᠭᠠᠷᠤᠶ ᠤᠳᠠᠭ᠎ᠠ ᠬᠢᠵᠦ᠂ ᠳ᠋ᠢᠶᠠᠩᠬᠤᠸᠠ᠂ ᠸᠢᠴᠠᠲ ᠤᠨ ᠰᠦᠯᠵᠢᠶᠡᠨ ᠳᠡᠭᠡᠷ᠎ᠡ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠠᠵᠢᠯ ᠢ 200 ᠭᠠᠷᠤᠶ ᠤᠳᠠᠭ᠎ᠠ ᠭᠦᠢᠴᠡᠳᠬᠡᠵᠦ᠂ ︽ᠵᠡᠮᠳᠡᠭᠴᠦᠳ ᠬᠦᠰᠡᠯ ᠱᠠᠭᠠᠷᠳᠠᠯᠭ᠎ᠠ ᠲᠠᠢ ᠪᠣᠯ᠂ ᠪᠢᠳᠡ ᠯᠠᠪ ᠬᠠᠷᠢᠭᠤ ᠦᠭᠬᠦ︾ ᠶᠢ ᠦᠨᠡᠨ ᠬᠦ ᠪᠡᠶᠡᠯᠡᠭᠦᠯᠵᠦ᠂ ᠠᠵᠢᠯ ᠭᠦᠢᠴᠡᠳᠬᠡᠬᠦ ᠨᠢ ᠨᠡᠩ ᠬᠤᠷᠳᠤᠴᠠ ᠲᠠᠢ ᠨᠠᠩ ᠲᠤᠯᠠᠭᠠᠴᠠ ᠲᠠᠢ ᠪᠣᠯᠤᠭᠰᠠᠨ ᠪᠠᠶᠢᠨ᠎ᠠ᠃        ᠵᠢᠯ ᠤᠨ ᠡᠴᠦᠰ ᠪᠣᠯᠲᠠᠯ᠎ᠠ᠂ ᠪᠡᠳᠺᠡᠷ ᠰᠦᠮ᠎ᠡ ᠪᠠᠯᠭᠠᠰᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠦᠢᠯᠡᠴᠢᠯᠡᠭᠡᠨ ᠤ ᠬᠢᠷᠢ ᠲᠦᠪᠰᠢᠨ ᠪᠠ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ ᠦᠷᠭᠦᠯᠵᠢᠯᠡᠨ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ ᠲᠦᠮᠡᠨ ᠤ ᠬᠦᠴᠦᠨ ᠢ ᠬᠤᠷᠠᠮᠳᠤᠭᠤᠯᠵᠤ᠂ ᠬᠠᠷᠢᠶᠠᠲᠤ ᠣᠷᠣᠨ ᠤ ᠵᠡᠮᠳᠡᠭᠴᠦᠳ ᠲᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠠᠵᠢᠯ ᠢ ᠥᠷᠨᠢᠭᠦᠯᠵᠦ᠂ ᠲᠡᠳᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠪᠠᠷ ᠴᠢᠷᠮᠠᠶᠢᠵᠤ ᠪᠤᠢ᠃ 
 
ᠢᠷᠡᠯᠲᠡ᠄ ᠵᠡᠮᠳᠡᠭᠴᠦᠳ ᠤᠨ ᠬᠤᠯᠪᠣᠭᠠᠲᠤ ᠬᠤᠷᠠᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号