11 ᠳ᠋ᠦ᠋ᠭᠡᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠤᠶ᠎ᠠ︾ ᠭᠡᠰᠡᠨ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ – – ︽ᠨᠡᠶᠢᠭᠡᠮ ᠤᠨ | ᠵᠠᠰᠠᠯᠲᠠ ᠶᠢᠨ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠴᠦ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠶ᠎ᠡ︾ ᠭᠡᠬᠦ ᠲᠤᠰᠬᠠᠢ ᠲᠠᠯᠠᠪᠤᠷ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠪᠠ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠢ | ᠤᠷᠢᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠪᠠᠶᠢᠭ᠎ᠠ ᠬᠤᠯᠪᠣᠭᠳᠠᠯ ᠪᠦᠬᠦᠢ | ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠲᠠᠨᠢᠯᠴᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ | ︽ᠳᠠᠷᠤᠭᠠᠰᠤ ᠶᠢ ᠨᠢ ᠬᠥᠩᠭᠡᠯᠡᠨ ᠴᠢᠳᠠᠮᠵᠢ ᠣᠯᠭᠤᠬᠤ︾ ᠳᠤ ᠠᠩᠬᠠᠷᠤᠯ ᠢᠶᠠᠨ ᠲᠥᠪᠯᠡᠷᠡᠭᠦᠯᠵᠦ | ︽ᠮᠣᠷᠢ ᠳᠣᠷᠪᠢᠲᠠᠢ ᠠᠴᠢᠶ᠎ᠠ ᠬᠥᠩᠭᠡᠨ︾ ᠪᠠᠶᠢᠬᠤ ᠶᠢ ᠠᠬᠢᠭᠤᠯᠪᠠ | ᠦ᠋ ᡁᠢ ᠴᠢᠶᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠨᠡᠶᠢᠭᠡᠮ ᠤᠨ ᠠᠵᠢᠯ ᠤᠨ ᠬᠡᠯᠲᠡᠰ ᠤᠨ ᠬᠡᠯᠲᠡᠰ ᠤᠨ ᠳᠠᠷᠤᠭ᠎ᠠ | ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ | ᠳᠠᠭᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ | ᠬᠡᠯᠲᠡᠰ ᠠᠴᠠ ᠳᠠᠷᠠᠭᠠᠬᠢ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ ᠪᠠᠶᠢᠨ᠎ᠠ᠃ | ᠨᠢᠭᠡ ᠳᠤ ︽ᠲᠣᠭᠲᠠᠯᠴᠠᠭ᠎ᠠ ᠶᠢ ᠴᠣᠭᠴᠠᠯᠠᠨ ᠪᠠᠶᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ | ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠨ᠎ᠠ᠃ ︽ᠣᠷᠣᠨ ᠪᠦᠰᠡ ᠪᠠᠷ ᠰᠠᠯᠠᠭ᠎ᠠ ᠮᠥᠴᠢᠷ ᠢ ᠨᠢᠭᠡᠳᠬᠡᠬᠦ︾ ᠶᠢ | ᠬᠦᠴᠦᠯᠡᠨ ᠴᠢᠩᠭᠠᠳᠬᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠠᠮᠲᠤᠷᠠᠭᠰᠠᠨ ᠨᠠᠮ ︵ᠠᠵᠢᠯᠲᠠᠨ︶ ᠤᠨ | ᠬᠤᠷᠢᠶᠠᠨ ᠤ ᠪᠠᠶᠢᠭᠤᠯᠤᠯᠲᠠ ᠶᠢ ᠴᠢᠩᠭᠠᠳᠬᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠮ ᠤᠨ | ᠪᠠᠶᠢᠭᠤᠯᠤᠯᠲᠠ᠂ ᠠᠵᠢᠯ ᠲᠦᠷᠦᠯ ᠤᠨ ᠨᠠᠮ ᠤᠨ ᠪᠠᠶᠢᠭᠤᠯᠤᠯᠲᠠ ᠪᠠ ᠨᠢᠭᠡᠴᠢ ᠶᠢᠨ ᠨᠠᠮ ᠤᠨ ᠪᠠᠶᠢᠭᠤᠯᠤᠯᠲᠠ ᠶᠢ | ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠲᠠᠢ ᠨᠢᠭᠡᠳᠦᠯᠲᠡᠢ ᠪᠠᠶᠢᠯᠭᠠᠵᠤ᠂ ᠰᠢᠶᠠᠩ ᠪᠠᠯᠭᠠᠰᠤ ︵ᠵᠡᠭᠡᠯᠢ | ᠭᠤᠳᠤᠮᠵᠢ︶ ᠶᠢᠨ ᠨᠠᠮ ᠤᠨ ᠪᠠᠶᠢᠭᠤᠯᠤᠯᠲᠠ ᠶᠢ ᠠᠳᠬᠤᠬᠤ᠂ ᠵᠠᠰᠠᠯᠲᠠ ᠶᠢ ᠠᠳᠬᠤᠬᠤ᠂ ᠦᠢᠯᠡᠴᠢᠯᠡᠭᠡ ᠶᠢ | ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠬᠦ ᠭᠤᠣᠯ ᠬᠠᠷᠢᠭᠤᠴᠠᠯᠭ᠎ᠠ ᠭᠤᠣᠯ ᠠᠵᠢᠯ ᠢ ᠠᠬᠢᠭᠤᠯᠤᠨ᠎ᠠ᠃ | ᠬᠤᠶᠠᠷ ᠲᠤ ︽ᠳᠠᠷᠤᠭᠠᠰᠤ ᠶᠢ ᠨᠢ ᠬᠥᠩᠭᠡᠯᠡᠨ ᠴᠢᠳᠠᠮᠵᠢ ᠣᠯᠭᠤᠬᠤ︾ ᠳᠤ ᠠᠩᠬᠠᠷᠤᠯ ᠢᠶᠠᠨ | ᠲᠥᠪᠯᠡᠷᠡᠭᠦᠯᠦᠨ᠂ ︽ᠮᠣᠷᠢ ᠳᠣᠷᠪᠢᠲᠠᠢ ᠠᠴᠢᠶ᠎ᠠ ᠬᠥᠩᠭᠡᠨ︾ ᠪᠠᠶᠢᠬᠤ ᠶᠢ ᠠᠬᠢᠭᠤᠯᠤᠨ᠎ᠠ᠃ ᠥᠨᠥ ᠵᠢᠯ ᠠᠴᠠ ᠨᠠᠭᠠᠰᠢ᠂ | ︽ ᠴᠢᠳᠠᠯ ᠠᠴᠠ ᠨᠢ ᠬᠡᠲᠦᠷᠡᠭᠦᠯᠵᠦ ᠪᠠᠶᠢᠭ᠎ᠠ︾ ᠲᠣᠪᠣᠶᠢᠮ᠎ᠠ ᠠᠰᠠᠭᠤᠳᠠᠯ ᠤᠳ ᠢ ᠲᠥᠪᠯᠡᠷᠡᠭᠦᠯᠦᠨ ᠴᠡᠭᠴᠡᠯᠡᠨ ᠵᠠᠰᠠᠬᠤ | ᠰᠢᠪᠲᠤᠯᠠᠯᠲᠠ ᠶᠢᠨ ᠠᠵᠢᠯᠯᠠᠭ᠎ᠠ ᠶᠢ ᠬᠦᠴᠦᠲᠡᠢ ᠥᠷᠨᠢᠭᠦᠯᠵᠦ᠂ ᠲᠣᠰᠬᠤᠨ ︵ᠨᠡᠶᠢᠭᠡᠮ ᠲᠣᠭᠤᠷᠢᠭ︶ ᠤ ᠵᠣᠬᠢᠶᠠᠨ | ᠪᠠᠶᠢᠭᠤᠯᠤᠯᠲᠠ ᠶᠢᠨ ︽ᠭᠤᠷᠪᠠᠨ ᠵᠦᠢᠯ ᠤᠨ ᠵᠢᠷᠤᠮᠵᠢᠯ︾ ᠢ ᠨᠢᠭᠡ ᠴᠣᠭᠴᠠᠵᠢᠭᠤᠯᠤᠨ ᠠᠬᠢᠭᠤᠯᠵᠤ᠂ ᠳᠡᠭᠡᠷ᠎ᠡ ᠠᠴᠠ | ᠳᠣᠷᠣᠭᠰᠢ ᠪᠠᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠡᠷᠡᠭ ᠶᠠᠪᠤᠳᠠᠯ ᠢ ᠬᠠᠤᠯᠢ | ᠶᠣᠰᠣᠭᠠᠷ ᠬᠠᠷᠢᠭᠤᠴᠠᠯᠭ᠎ᠠ ᠭᠦᠢᠴᠡᠳᠬᠡᠬᠦ 51 ᠵᠦᠢᠯ᠂ ᠬᠠᠤᠯᠢ ᠶᠣᠰᠣᠭᠠᠷ ᠬᠠᠮᠵᠢᠯᠴᠠᠬᠤ 20 ᠵᠦᠢᠯ ᠪᠣᠯᠭᠠᠨ | ᠲᠣᠳᠣᠷᠬᠠᠶᠢᠯᠠᠬᠤ ᠪᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠵᠢᠷᠤᠮᠵᠢᠯ ᠢ 3 ᠲᠥᠷᠥᠯ ᠪᠣᠯᠭᠠᠵᠤ᠂ | ᠵᠢᠭᠰᠠᠭᠠᠯ ᠤᠨ ᠭᠠᠳᠠᠨᠠᠬᠢ ᠫᠠᠶᠢᠰᠠ ᠢᠯᠡᠷᠬᠡᠶᠢᠯᠡᠯ ᠢ 6 ᠵᠦᠢᠯ ᠠᠴᠠ ᠢᠯᠡᠭᠦᠦ ᠪᠠᠶᠢᠯᠭᠠᠬᠤ ᠦᠭᠡᠢ ᠪᠠᠷ ᠴᠣᠮᠬᠠᠳᠬᠠᠨ | ᠬᠠᠰᠤᠵᠤ᠂ ᠭᠡᠷᠡᠴᠢᠯᠡᠬᠦ ᠵᠦᠢᠯᠡᠰ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ 20 ᠵᠦᠢᠯ᠂ ᠵᠥᠪ ᠲᠠᠯ᠎ᠠ ᠶᠢᠨ | ᠨᠠᠷᠢᠨ ᠲᠠᠩᠰᠠ ᠶᠢ 8 ᠵᠦᠢᠯ ᠢᠶᠠᠷ ᠵᠢᠭᠰᠠᠭᠠᠨ ᠭᠠᠷᠭᠠᠬᠤ ᠶᠢᠨ ᠬᠠᠮᠲᠤ ᠵᠥᠪᠰᠢᠶᠡᠷᠡᠨ ᠣᠷᠣᠭᠤᠯᠬᠤ ᠳᠦᠷᠢᠮ ᠢ | ᠪᠠᠶᠢᠭᠤᠯᠤᠨ᠎ᠠ᠃ | ᠭᠤᠷᠪᠠ ᠳᠤ᠂ ︽ᠡᠩᠨᠡᠭᠡ ᠶᠢ ᠬᠦᠴᠦᠷᠬᠡᠭᠵᠢᠭᠦᠯᠬᠦ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ | ᠵᠠᠰᠠᠯᠲᠠ ᠶᠢᠨ ᠬᠦᠴᠦᠨ ᠢ ᠪᠤᠵᠠᠭᠠᠶᠢᠷᠠᠭᠤᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠨᠡᠶᠢᠭᠡᠮ | ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ ᠤᠳ︾ ᠢ ᠳᠠᠷᠤᠮᠠᠯᠯᠠᠨ | ᠶᠠᠪᠤᠭᠤᠯᠤᠭᠰᠠᠨ ᠤ ᠳᠠᠷᠠᠭ᠎ᠠ᠂ ᠥᠪᠥᠷ ᠮᠣᠩᠭᠤᠯ ᠨᠢ ︽ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ | ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠮᠤᠵᠢ ᠶᠢᠨ ᠱᠠᠲᠤᠨ ᠤ ᠬᠡᠪᠴᠢᠶᠡᠨ ᠳᠤ ᠬᠠᠮᠤᠭ ᠤᠨ ᠲᠡᠷᠢᠭᠦᠨ ᠳᠤ | ᠨᠡᠶᠢᠲᠡᠯᠡᠵᠦ᠂ ᠵᠢᠷᠭᠤᠭᠠᠨ ᠲᠠᠯ᠎ᠠ ᠶᠢᠨ 40 ᠵᠤᠷᠪᠤᠰ ᠪᠣᠳᠠᠲᠠᠢ ᠠᠷᠭ᠎ᠠ ᠪᠠ ᠣᠯᠠᠨ ᠵᠦᠢᠯ ᠤᠨ ᠰᠢᠨ᠎ᠡ ᠶᠢ ᠡᠭᠦᠳᠬᠦ | ᠴᠢᠨᠠᠷᠲᠠᠢ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠣᠳᠣᠬᠠᠨ ᠳᠤ᠂ ᠪᠥᠬᠦ ᠣᠷᠣᠨ ᠳᠠᠬᠢ | ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠲᠦᠮᠡᠨ ᠬᠥᠮᠥᠨ ᠠᠮᠠ ᠪᠦᠷᠢ ᠳᠤ ᠨᠡᠶᠢᠭᠡᠮ ᠲᠣᠭᠤᠷᠢᠭ ᠤᠨ ᠠᠵᠢᠯᠲᠠᠨ | 18 ᠬᠥᠮᠥᠨ ᠠᠴᠠ ᠢᠯᠡᠭᠦᠦ ᠪᠠᠶᠢᠬᠤ ᠪᠠᠷᠢᠮᠵᠢᠶᠠᠨ ᠳᠤ ᠬᠦᠷᠴᠡᠢ᠃ | ᠳᠥᠷᠪᠡ ᠳᠤ᠂ ︽ᠬᠠᠮᠲᠤ ᠪᠠᠷ ᠵᠠᠰᠠᠵᠤ ᠬᠠᠮᠲᠤ ᠪᠠᠷ ᠬᠦᠷᠲᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ | ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠨᠢᠭᠡ ᠬᠥᠯᠭᠡ ᠰᠢᠲᠠᠷ᠎ᠠ︾ ᠪᠠᠶᠢᠬᠤ ᠦᠵᠡᠯ ᠰᠠᠨᠠᠭ᠎ᠠ ᠶᠢ | ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠵᠣᠬᠢᠴᠠᠭᠤᠯᠬᠤ ᠲᠣᠭᠲᠠᠴᠠ ᠶᠢ | ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠭ᠎ᠠ | ᠪᠠ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ | ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ᠲᠠᠪᠤ ᠳᠤ ︽ᠦᠢᠯᠡᠳᠦᠯ ᠢᠶᠠᠨ ᠪᠠᠳᠠᠷᠠᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠲᠡᠯᠢᠭ | ᠵᠢᠱᠢᠶ᠎ᠡ ᠪᠠᠷ ᠵᠠᠮᠴᠢᠯᠠᠭᠤᠯᠬᠤ ᠶᠢ ᠴᠢᠩᠭᠠᠳᠬᠠᠨ᠎ᠠ᠃ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶᠢᠬᠠᠨ | ᠰᠢᠢᠳᠪᠦᠷᠢᠯᠡᠬᠦ︾᠂ ︽ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ︾ ᠵᠡᠷᠭᠡ ᠲᠤᠷᠰᠢᠯᠭ᠎ᠠ ᠪᠠ ᠠᠷᠭ᠎ᠠ ᠬᠢᠳᠡᠯ ᠢ | ᠳᠡᠯᠭᠡᠷᠡᠭᠦᠯᠦᠨ ᠬᠡᠷᠡᠭᠯᠡᠵᠦ ᠪᠠᠶᠢᠨ᠎ᠠ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ | ᠬᠡᠷᠡᠭᠯᠡᠵᠦ᠂ ᠬᠥᠳᠡᠭᠡ ᠲᠣᠰᠬᠤᠨ ᠢ ᠴᠢᠳᠠᠮᠠᠭᠠᠢ ᠪᠠᠷ ᠵᠠᠰᠠᠬᠤ ᠲᠦᠪᠰᠢᠨ ᠢ ᠳᠡᠭᠡᠭᠰᠢᠯᠡᠭᠦᠯᠦᠨ᠎ᠡ᠃ | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ | 12345 ᠪᠠ ᠦᠨᠳᠦᠰᠦᠨ ᠱᠠᠲᠤᠨ ᠤ︽ᠨᠢᠭᠡ ᠬᠦᠰᠦᠨᠦᠭᠲᠦ ᠪᠠᠷ ᠨᠡᠪᠲᠡᠷᠡᠭᠦᠯᠬᠦ︾ ᠨᠢ ᠨᠡᠶᠢᠭᠡᠮ ᠤᠨ ᠵᠠᠰᠠᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ | ᠦ᠋ ᠰᠦ᠋ ᠬᠠᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ | ᠬᠤᠷᠠᠯᠳᠤᠭᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠠᠷᠠᠳ ᠤᠨ ᠬᠦᠰᠡᠯ ᠱᠠᠭᠠᠷᠳᠠᠯᠭ᠎ᠠ ᠶᠢ | ᠪᠢᠳᠡ ᠰᠢᠢᠳᠪᠦᠷᠢᠯᠡᠬᠦ᠂ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠪᠢᠳᠡ ᠭᠦᠢᠴᠡᠳᠬᠡᠬᠦ ᠶᠢ ᠪᠠᠷᠢᠮᠲᠠᠯᠠᠵᠤ᠂ | ᠥᠭᠡᠷᠡᠴᠢᠯᠡᠯᠲᠡ ᠪᠠᠷ ᠦᠷ᠎ᠡ ᠠᠰᠢᠭ ᠢ ᠨᠡᠮᠡᠭᠳᠡᠭᠦᠯᠬᠦ᠂ ᠳ᠋ᠠᠶᠢᠲ᠋ᠠ ᠪᠠᠷ ᠴᠢᠳᠠᠮᠵᠢ ᠣᠯᠭᠤᠬᠤ ᠶᠢ ᠠᠬᠢᠭᠤᠯᠵᠤ᠂ ᠪᠦᠬᠦ | ᠣᠷᠣᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠬᠢᠭᠡᠳ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠦᠷᠭᠦᠯᠵᠢᠯᠡᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ᠃ | ᠨᠢᠭᠡ ᠲᠠᠯ᠎ᠠ ᠪᠠᠷ᠂ ᠠᠵᠤ ᠠᠬᠤᠶᠢᠯᠠᠯ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠠᠯᠠᠮᠰᠢᠯ ᠤᠲᠠᠰᠤ | 12345 ᠪᠠᠷ ᠢᠷᠡᠭᠦᠯᠦᠭᠰᠡᠨ ᠭᠤᠮᠣᠳᠠᠯ ᠲᠣᠭᠠᠴᠢᠯᠲᠠ ᠶᠢᠨ ᠠᠵᠢᠯ ᠤᠨ ᠳᠠᠩᠰᠠ ᠶᠢ ᠭᠦᠢᠴᠡᠳᠬᠡᠨ | ᠰᠢᠢᠳᠪᠦᠷᠢᠯᠡᠬᠦ ᠠᠵᠢᠯ ᠢ ᠰᠢᠯᠢᠳᠡᠭᠵᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠶᠠᠪᠤᠭᠤᠯᠵᠤ᠂ ᠮᠡᠳᠡᠯᠭᠡ ᠶᠢᠨ | ᠬᠥᠮᠥᠷᠭᠡ ᠶᠢ ᠬᠥᠳᠡᠯᠦᠩᠭᠦᠢ ᠪᠠᠷ ᠰᠢᠨᠡᠳᠬᠡᠬᠦ ᠲᠣᠭᠲᠠᠴᠠ ᠶᠢ ᠪᠦᠷᠢᠨᠰᠢᠭᠦᠯᠬᠦ᠂ ᠤᠯᠠᠨ ᠲᠦᠮᠡᠨ ᠤ ᠵᠠᠭᠠᠯᠳᠤᠯᠭ᠎ᠠ ᠶᠢᠨ | ᠲᠦᠷᠦᠯ ᠤᠨ ᠠᠵᠢᠯ ᠤᠨ ᠬᠠᠭᠤᠳᠠᠰᠤ ᠶᠢ ᠭᠦᠢᠴᠡᠳᠬᠡᠨ ᠰᠢᠢᠳᠪᠦᠷᠢᠯᠡᠬᠦ ᠠᠵᠢᠯ ᠤᠨ ᠶᠠᠪᠤᠴᠠ ᠶᠢ ᠲᠡᠭᠦᠯᠳᠡᠷᠵᠢᠭᠦᠯᠬᠦ | ᠵᠡᠷᠭᠡ 8 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠨᠡᠶᠢᠲᠡᠯᠡᠵᠡᠢ᠃ ᠣᠳᠣᠬᠠᠨ ᠳᠤ᠂ ᠪᠥᠬᠦ ᠣᠷᠣᠨ ᠳᠤ ᠠᠵᠤ | ᠠᠬᠤᠶᠢᠯᠠᠯ ᠪᠠ ᠣᠯᠠᠨ ᠲᠦᠮᠡᠨ ᠤ ᠭᠤᠮᠣᠳᠠᠯ ᠲᠣᠭᠠᠴᠢᠯᠲᠠ ᠶᠢ ᠨᠡᠶᠢᠲᠡ 503 ᠲᠦᠮᠡᠨ ᠬᠤᠪᠢ ᠭᠥᠯᠢᠶᠡᠨ | ᠠᠪᠴᠤ ᠰᠢᠢᠳᠪᠦᠷᠢᠯᠡᠪᠡ᠂ ᠰᠢᠢᠳᠪᠦᠷᠢᠯᠡᠭᠰᠡᠨ ᠨᠣᠷᠮ᠎ᠠ ᠨᠢ 95% ᠠᠴᠠ ᠳᠡᠭᠡᠭᠰᠢ ᠳᠤ ᠬᠦᠷᠴᠡᠢ᠃ | ᠨᠥᠭᠦᠭᠡ ᠲᠠᠯ᠎ᠠ ᠪᠠᠷ᠂ ᠦᠨᠳᠦᠰᠦᠨ ᠱᠠᠲᠤᠨ ᠤ ᠬᠦᠰᠦᠨᠦᠭᠲᠦ ᠲᠠᠭᠯᠠᠵᠤ ᠮᠡᠳᠡᠭᠦᠯᠬᠦ ᠲᠤᠭ᠎ᠠ ᠨᠢ ᠣᠯᠠᠨ᠂ | ᠣᠯᠠᠨ ᠲᠠᠯ᠎ᠠ ᠠᠴᠠ ᠪᠢᠴᠢᠵᠦ ᠣᠷᠣᠭᠤᠯᠬᠤ᠂ ᠳᠠᠬᠢᠨ ᠳᠠᠪᠲᠠᠨ ᠲᠠᠭᠯᠠᠵᠤ ᠮᠡᠳᠡᠭᠦᠯᠬᠦ ᠠᠰᠠᠭᠤᠳᠠᠯ ᠳᠤ ᠴᠢᠭᠯᠡᠭᠦᠯᠦᠨ᠂ | ᠦᠨᠳᠦᠰᠦᠨ ᠱᠠᠲᠤᠨ ᠤ ︽ᠨᠢᠭᠡ ᠬᠦᠰᠦᠨᠦᠭᠲᠦ ᠪᠠᠷ ᠨᠡᠪᠲᠡᠷᠡᠭᠦᠯᠬᠦ︾ ᠰᠢᠰᠲ᠋ᠧᠮ ᠢ ᠨᠢᠭᠡᠳᠦᠯᠲᠡᠢ ᠪᠠᠶᠢᠭᠤᠯᠪᠠ᠃ | ᠰᠢᠰᠲ᠋ᠧᠮ ᠢ ᠥᠨᠥ ᠵᠢᠯ ᠤᠨ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠥᠬᠦ ᠣᠷᠣᠨ ᠤ ᠬᠡᠪᠴᠢᠶᠡᠨ ᠳᠤ ᠪᠥᠬᠦ | ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠪᠥᠬᠦ ᠤᠯᠤᠰ ᠲᠠᠬᠢ ᠨᠢᠭᠡᠨᠲᠡ ᠪᠠᠶᠢᠭᠤᠯᠤᠭᠳᠠᠭᠰᠠᠨ ᠠᠩᠬᠠᠳᠠᠭᠴᠢ ᠪᠥᠬᠦ | ᠣᠷᠣᠨ ᠪᠦᠰᠡ ᠶᠢᠨ ᠪᠦᠬᠦ᠋ᠢᠯᠡ ᠬᠤᠰᠢᠭᠤ ᠰᠢᠶᠠᠨ ᠬᠤᠲᠠ ᠲᠣᠭᠤᠷᠢᠭ ᠢ ᠬᠠᠮᠤᠷᠤᠭᠰᠠᠨ ᠨᠢᠭᠡᠳᠦᠯᠲᠡᠢ ᠮᠡᠳᠡᠭᠦᠯᠬᠦ | ᠬᠦᠰᠦᠨᠦᠭᠲᠦ ᠶᠢᠨ ᠲᠠᠪᠴᠠᠩ ᠪᠠᠶᠢᠵᠤ᠂ ᠬᠤᠰᠢᠭᠤ ᠰᠢᠶᠠᠨ ᠤ ᠨᠡᠶᠢᠲᠡ 3700 ᠭᠠᠷᠤᠢ ᠰᠠᠯᠠᠭ᠎ᠠ ᠮᠥᠴᠢᠷ ᠵᠢᠴᠢ | ᠰᠢᠶᠠᠩ ᠵᠡᠭᠡᠯᠢ ᠶᠢᠨ ᠠᠵᠢᠯᠲᠠᠳ ᠲᠤ ᠰᠢᠰᠲ᠋ᠧᠮ ᠤᠨ ᠲᠠᠩᠰᠠᠨ ᠨᠣᠮᠧᠷ ᠢ 2.2 ᠲᠦᠮᠡ ᠭᠠᠷᠤᠢ ᠨᠡᠭᠡᠭᠡᠵᠦ | ᠥᠭᠴᠡᠢ᠃ | ᠡᠮᠬᠢᠯᠡᠬᠦ ᠪᠠᠷ ᠳᠠᠮᠵᠢᠭᠤᠯᠤᠨ ᠬᠠᠮᠲᠤ ᠪᠠᠷ ᠬᠦᠷᠲᠡᠬᠦ ᠳ᠋ᠠᠶᠢᠲ᠋ᠠ ᠶᠢᠨ ᠡᠬᠡ ᠲᠠᠩᠰᠠ ᠶᠢ ᠪᠣᠶ ᠪᠣᠯᠭᠠᠭᠠᠳ᠂ | ᠮᠡᠳᠡᠭᠦᠯᠬᠦ ᠬᠦᠰᠦᠨᠦᠭᠲᠦ ᠶᠢ 80% ᠰᠢᠬᠠᠮ ᠴᠣᠮᠬᠠᠳᠬᠠᠪᠠ᠃ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠳᠦᠷᠢᠮ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠭᠰᠡᠭᠡᠷ ᠢᠷᠡᠵᠡᠢ | ᠭᠤᠤ ᠵᠠᠨ ᠱᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯᠳᠤᠭᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ | ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ ᠲᠣᠭᠤᠷᠢᠨ ᠳᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ ᠰᠠᠶᠢᠲᠤᠷ ᠬᠢᠵᠦ᠂ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠠᠬᠢᠭᠤᠯᠬᠤ 10 ᠵᠦᠢᠯ ᠤᠨ ᠠᠵᠢᠯᠯᠠᠭ᠎ᠠ ᠥᠷᠨᠢᠭᠦᠯᠵᠦ᠂ 28 ᠵᠦᠢᠯ ᠤᠨ ᠪᠣᠳᠠᠲᠠᠢ | ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ᠂ ᠦᠨᠳᠦᠰᠦᠲᠡᠨ ᠤ ᠠᠵᠢᠯ ᠶᠠᠪᠤᠳᠠᠯ ᠤᠳ ᠢ ᠬᠠᠤᠯᠢ ᠪᠠᠷ ᠵᠠᠰᠠᠬᠤ ᠡᠯ᠎ᠡ | ᠵᠦᠢᠯ ᠤᠨ ᠠᠷᠭ᠎ᠠ ᠬᠡᠮᠵᠢᠶᠡᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠲᠤᠭᠤᠰᠢᠯᠠᠭᠤᠯᠵᠤ᠂ ᠳᠠᠷᠠᠭᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠦᠭᠰᠡᠨ | ᠪᠠᠶᠢᠨ᠎ᠠ᠃ | ᠨᠢᠭᠡ ᠳᠤ ᠬᠠᠤᠯᠢ ᠪᠠᠷ ᠵᠠᠰᠠᠬᠤ ᠰᠠᠭᠤᠷᠢ ᠶᠢ ᠪᠠᠲᠤᠳᠬᠠᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ | ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠯᠴᠠᠭ᠎ᠠ ᠶᠢ ᠪᠦᠷᠢᠨᠰᠢᠭᠦᠯᠵᠦ ᠪᠠᠶᠢᠨ᠎ᠠ᠃ ᠦᠨᠳᠦᠰᠦᠲᠡᠨ ᠤ | ᠠᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠣᠬᠢᠷᠠᠭᠤᠯᠤᠨ ᠲᠡᠭᠦᠯᠳᠡᠷᠵᠢᠭᠦᠯᠬᠦ ᠲᠣᠭᠲᠠᠴᠠ ᠶᠢ | ᠲᠠᠰᠤᠷᠠᠯᠲᠠ ᠦᠭᠡᠢ ᠪᠦᠷᠢᠨᠰᠢᠭᠦᠯᠵᠦ᠂ ︽ᠲᠣᠭᠲᠠᠭᠠᠬᠤ᠂ ᠵᠠᠰᠠᠬᠤ᠂ ᠬᠦᠴᠦᠨ ᠦᠭᠡᠢ ᠪᠣᠯᠭᠠᠬᠤ᠂ ᠲᠠᠶᠢᠯᠪᠤᠷᠢᠯᠠᠬᠤ ︾ | ᠠᠵᠢᠯ ᠢ ᠦᠷᠭᠦᠯᠵᠢᠯᠡᠨ ᠠᠬᠢᠭᠤᠯᠵᠤ᠂ ︽ᠪᠠᠲᠤᠳᠬᠠᠬᠤ︾ ᠤᠷᠢᠳᠠᠴᠢ ᠬᠢᠨᠠᠨ ᠬᠠᠷᠭᠤᠭᠤᠯᠬᠤ ᠠᠷᠭ᠎ᠠ ᠶᠢ ᠪᠠ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ︽ᠪᠠᠲᠤᠳᠬᠠᠬᠤ︾ ᠤᠷᠢᠳᠠᠴᠢ ᠬᠢᠨᠠᠨ ᠬᠠᠷᠭᠤᠭᠤᠯᠬᠤ | ᠠᠵᠢᠯ ᠤᠨ ᠵᠦᠭᠯᠡᠭᠦᠷ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ 63 ᠬᠤᠪᠢ ᠪᠢᠴᠢᠭ ᠮᠠᠲ᠋ᠧᠷᠢᠶᠠᠯ ᠤᠨ ᠤᠷᠢᠳᠠᠴᠢ ᠬᠢᠨᠠᠨ ᠬᠠᠷᠭᠤᠭᠤᠯᠤᠯᠲᠠ ᠶᠢ | ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ | ᠬᠠᠤᠯᠢ ᠪᠠᠷ ᠵᠠᠰᠠᠬᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ | ᠬᠤᠶᠠᠷ ᠲᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠠᠵᠢᠯ ᠶᠠᠪᠤᠳᠠᠯ ᠢ ᠬᠠᠤᠯᠢ | ᠶᠣᠰᠣᠭᠠᠷ ᠵᠠᠰᠠᠬᠤ ᠳᠤ ᠳᠦᠷᠢᠮ ᠤᠨ ᠪᠠᠲᠤᠯᠠᠭ᠎ᠠ ᠬᠠᠩᠭᠠᠨ᠎ᠠ᠃ ᠣᠨᠣᠯ ᠤᠨ ᠰᠤᠳᠤᠯᠭᠠᠨ ᠢ ᠴᠢᠩᠭᠠᠳᠬᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠳᠤᠯᠭᠠᠨ ᠤ ᠰᠠᠭᠤᠷᠢᠨ | ᠭᠠᠵᠠᠷ ᠤᠨ ᠬᠡᠪᠴᠢᠶ᠎ᠡ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠢ ᠨᠡᠮᠡᠭᠳᠡᠭᠦᠯᠬᠦ | ᠢᠨᠵᠧᠨᠧᠷᠢᠩ ᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠰᠤᠳᠤᠯᠭᠠᠨ ᠤ ︵ᠪᠣᠶᠢᠵᠢᠭᠤᠯᠬᠤ︶ ᠰᠠᠭᠤᠷᠢᠨ | ᠭᠠᠵᠠᠷ ᠢ 8 ᠪᠠᠶᠢᠭᠰᠠᠨ ᠠᠴᠠ ᠪᠠᠨ ᠨᠡᠮᠡᠭᠳᠡᠭᠦᠯᠦᠭᠡᠳ 19 ᠪᠣᠯᠭᠠᠵᠠᠢ᠃ | ᠭᠤᠷᠪᠠ ᠳᠤ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠵᠤ᠂ ᠬᠠᠷᠢᠯᠴᠠᠨ ᠰᠢᠭᠢᠳᠬᠡᠯ ᠬᠡᠯᠪᠡᠷᠢᠲᠦ | ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠠᠰ ᠳᠡᠪᠰᠢᠭᠦᠯᠦᠭᠰᠡᠨ ᠵᠠᠭᠪᠤᠷ ᠢ ᠦᠷᠭᠦᠯᠵᠢᠯᠡᠨ ᠪᠣᠶ | ᠪᠣᠯᠭᠠᠵᠤ᠂ ᠦᠨᠳᠦᠰᠦᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠵᠢᠯ ᠤᠨ ᠴᠢᠨᠠᠷ ᠢ ᠨᠢ ᠳᠡᠭᠡᠭᠰᠢᠯᠡᠭᠦᠯᠦᠨ ᠦᠷ᠎ᠡ ᠠᠰᠢᠭ ᠢ ᠨᠢ ᠨᠡᠮᠡᠭᠳᠡᠭᠦᠯᠬᠦ ᠭᠤᠷᠪᠠᠨ ᠵᠢᠯ ᠤᠨ ᠠᠵᠢᠯᠯᠠᠭ᠎ᠠ | ᠥᠷᠨᠢᠭᠦᠯᠦᠨ᠂ ᠦᠨᠳᠦᠰᠦᠨ ᠱᠠᠲᠤᠨ ᠤ ᠡᠭᠦᠳᠦᠨ ᠪᠠᠶᠢᠭᠤᠯᠬᠤ ᠠᠵᠢᠯ ᠤᠨ ᠨᠠᠷᠠᠲᠤ ᠲᠥᠷᠥᠯ ᠲᠡᠮᠳᠡᠭ ᠢ 396 | ᠭᠠᠷᠭᠠᠵᠤ᠂ ᠨᠠᠮ ᠤᠨ ᠬᠤᠷᠢᠶᠠᠨ ᠤ ᠤᠳᠤᠷᠢᠳᠤᠯᠭ᠎ᠠ ᠳᠤ ᠲᠦᠰᠢᠭᠯᠡᠬᠦ᠂ ᠵᠠᠰᠠᠭ ᠤᠨ ᠣᠷᠳᠣᠨ ᠬᠠᠷᠢᠭᠤᠴᠠᠬᠤ᠂ | ᠠᠷᠠᠳᠴᠢᠯᠠᠯ ᠢᠶᠠᠷ ᠵᠥᠪᠳᠡᠯᠴᠡᠬᠦ᠂ ᠨᠡᠶᠢᠭᠡᠮ ᠤᠨ ᠬᠢᠨ ᠵᠣᠬᠢᠴᠠᠭᠤᠯᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ | ᠬᠠᠤᠯᠢ ᠪᠠᠷ ᠵᠠᠰᠠᠬᠤ ᠶᠢ ᠪᠠᠲᠤᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠭᠤᠯᠬᠤ | ᠨᠡᠶᠢᠭᠡᠮ ᠤᠨ ᠵᠠᠰᠠᠯᠲᠠ ᠶᠢᠨ ᠲᠣᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠪᠠ᠃ | | ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ | ᠵᠠᠬᠢᠳᠠᠯ ᠰᠤᠷᠪᠤᠯᠵᠢᠯᠠᠯ ᠤᠨ ᠲᠠᠪᠤᠨ ᠱᠠᠲᠤᠨ ᠤ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ | ᠨᠡᠪᠲᠡᠷᠡᠭᠦᠯᠦᠨ ᠲᠡᠭᠦᠯᠳᠡᠷᠵᠢᠭᠦᠯᠵᠦ ᠤᠯᠠᠨ ᠲᠦᠮᠡᠨ ᠤ ᠭᠤᠮᠣᠳᠠᠯ ᠲᠣᠭᠠᠴᠢᠯᠲᠠ ᠶᠢ ᠰᠠᠨᠠᠭᠠᠴᠢᠯᠠᠭ᠎ᠠ ᠠᠴᠠ ᠪᠠᠨ | ᠰᠢᠢᠳᠪᠦᠷᠢᠯᠡᠵᠦ ᠥᠭᠭᠦᠨ᠎ᠡ | ᠵᠠᠩ ᠶᠢᠨ ᠫᠢᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ | ᠬᠡᠯᠲᠡᠰ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ | ᠪᠢᠴᠢᠭ ᠤᠨ ᠳᠠᠷᠤᠭ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶᠠᠨ ᠳᠠᠷᠤᠭ᠎ᠠ | ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠨᠢ ᠥᠪᠥᠷ ᠮᠣᠩᠭᠤᠯ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠠᠤᠯᠢᠵᠢᠯ ᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ ᠵᠠᠬᠢᠳᠠᠯ | ᠰᠤᠷᠪᠤᠯᠵᠢᠯᠠᠯ ᠤᠨ ᠲᠠᠪᠤᠨ ᠱᠠᠲᠤᠨ ᠤ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ ᠨᠡᠪᠲᠡᠷᠡᠭᠦᠯᠦᠨ | ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ᠂ ᠰᠤᠮᠤ ᠰᠢᠶᠠᠩ ᠪᠠᠯᠭᠠᠰᠤ᠂ ᠬᠤᠰᠢᠭᠤ ᠰᠢᠶᠠᠨ᠂ ᠠᠶᠢᠮᠠᠭ ᠬᠤᠲᠠ ᠠᠴᠠ | ᠥᠪᠡᠷᠲᠡᠭᠡᠨ ᠵᠠᠰᠠᠬᠤ ᠣᠷᠣᠨ ᠬᠦᠷᠲᠡᠯᠡᠬᠢ ᠣᠷᠣᠯᠠᠨ ᠭᠦᠢᠴᠡᠳᠬᠡᠬᠦ ᠵᠠᠮ ᠢ ᠨᠡᠪᠲᠡᠷᠡᠭᠦᠯᠦᠨ᠂ ᠲᠠᠪᠤᠨ ᠱᠠᠲᠤᠨ ᠤ | ᠬᠤᠣᠰ ᠴᠢᠭᠯᠡᠯ ᠢᠶᠠᠷ ᠨᠡᠪᠲᠡᠷᠡᠭᠰᠡᠨ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ | ᠪᠠᠶᠢᠭᠤᠯᠤᠨ ᠪᠦᠷᠢᠯᠳᠦᠭᠦᠯᠵᠦ᠂ ᠤᠯᠠᠨ ᠲᠦᠮᠡᠨ ᠤ ᠭᠤᠮᠣᠳᠠᠯ ᠲᠣᠭᠠᠴᠢᠯᠲᠠ ᠪᠠᠨ ᠢᠯᠡᠳᠬᠡᠬᠦ᠂ ᠠᠰᠢᠭ ᠲᠤᠰᠠ ᠶᠢ | ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠦᠨ | ᠵᠢᠷᠤᠮᠵᠢᠭᠤᠯᠵᠤ᠂ ︽ᠤᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ ᠬᠦᠯᠢᠶᠡᠵᠦ︾ ᠪᠠᠶᠢᠭᠰᠠᠨ ᠢ ︽ᠤᠯᠠᠨ ᠲᠦᠮᠡᠨ ᠢ | ᠣᠷᠣᠯᠠᠨ ᠭᠦᠢᠴᠡᠳᠬᠡᠬᠦ︾ ᠪᠣᠯᠭᠠᠵᠤ᠂ ︽ᠵᠥᠷᠢᠴᠡᠯ ᠢ ᠰᠠᠨᠠᠭᠠᠴᠢᠯᠭᠠᠲᠤ ᠪᠤᠰᠤ ᠪᠠᠷ ᠠᠷᠢᠯᠭᠠᠵᠤ︾ ᠪᠠᠶᠢᠭᠰᠠᠨ ᠢ | ︽ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ︾ ᠪᠣᠯᠭᠠᠵᠤ᠂ ᠤᠯᠠᠨ ᠲᠦᠮᠡᠨ ᠤ ᠪᠠᠴᠢᠮᠳᠠᠵᠤ | ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠤᠳ ᠢ ᠴᠠᠭ ᠲᠤᠬᠠᠢ ᠳᠤ ᠨᠢ ᠭᠡᠷ ᠲᠤ ᠨᠢ ᠰᠢᠢᠳᠪᠦᠷᠢᠯᠡᠵᠦ | ᠥᠭᠬᠦ ᠪᠣᠯᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠪᠠ᠃ | ᠨᠢᠭᠡ ᠳᠤ ᠤᠯᠠᠨ ᠲᠦᠮᠡᠨ ᠤ ᠭᠤᠮᠣᠳᠠᠯ ᠲᠣᠭᠠᠴᠢᠯᠲᠠ ᠶᠢᠨ ︽ᠳᠣᠣᠷ᠎ᠠ ᠠᠴᠠ ᠳᠡᠭᠡᠭᠰᠢ︾᠂ | ᠭᠤᠣᠯᠳᠠᠯᠭ᠎ᠠ ᠲᠠᠢ ᠵᠦᠢᠯᠡᠰ ᠤᠨ ︽ᠳᠡᠭᠡᠷ᠎ᠡ ᠠᠴᠠ ᠳᠣᠷᠣᠭᠰᠢ︾ ᠪᠠᠶᠢᠬᠤ ᠣᠷᠣᠯᠠᠨ ᠭᠦᠢᠴᠡᠳᠬᠡᠬᠦ ᠠᠷᠭ᠎ᠠ ᠵᠠᠮ ᠢ | ᠨᠡᠪᠲᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ | ᠭᠠᠴᠠᠭ᠎ᠠ ᠲᠣᠰᠬᠤᠨ ᠲᠠᠪᠤᠨ ᠱᠠᠲᠤᠨ ᠳᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠢ ᠨᠢᠭᠡᠨᠲᠡ | ᠴᠥᠮ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠵᠡᠷᠭᠡ 40 ᠲᠢᠩᠬᠢᠮ ᠲᠣᠪᠴᠢᠶ᠎ᠠ᠂ | ᠨᠢᠭᠡᠴᠢ ᠨᠦᠭᠦᠳ ᠲᠣᠰᠪᠤᠷᠢ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠵᠠᠮ ᠱᠤᠭᠤᠮ ᠢ ᠱᠠᠲᠤ | ᠳᠠᠷᠠᠭᠠᠯᠠᠨ ᠨᠡᠪᠲᠡᠷᠡᠭᠦᠯᠪᠡ᠃ | ᠬᠤᠶᠠᠷ ᠲᠤ᠂ ᠲᠠᠪᠤᠨ ᠱᠠᠲᠤᠨ ᠤ ᠬᠤᠣᠰ ᠴᠢᠭᠯᠡᠯ ᠢᠶᠠᠷ ᠨᠡᠪᠲᠡᠷᠡᠭᠦᠯᠦᠭᠰᠡᠨ ᠣᠷᠣᠯᠠᠨ ᠭᠦᠢᠴᠡᠳᠬᠡᠬᠦ | ᠶᠠᠪᠤᠴᠠ ᠶᠢ ᠰᠢᠯᠢᠳᠡᠭᠵᠢᠭᠦᠯᠦᠨ᠎ᠡ᠃ ᠭᠤᠮᠣᠳᠠᠯ ᠲᠣᠭᠠᠴᠢᠯᠲᠠ ᠨᠢ ᠳᠥᠭᠦᠮᠬᠡᠨ ᠪᠠᠶᠢᠳᠠᠭ ᠣᠷᠣᠯᠠᠨ ᠭᠦᠢᠴᠡᠳᠬᠡᠬᠦ | ᠵᠦᠢᠯᠡᠰ ᠤᠨ ᠣᠷᠣᠯᠠᠨ ᠭᠦᠢᠴᠡᠳᠬᠡᠬᠦ ᠶᠠᠪᠤᠴᠠ ᠶᠢ ᠳᠥᠭᠦᠮᠴᠢᠯᠡᠵᠦ᠂ ᠰᠢᠶᠠᠩ ᠲᠣᠰᠬᠤᠨ ᠬᠤᠶᠠᠷ ᠱᠠᠲᠤᠨ ᠤ | ᠣᠷᠣᠯᠠᠨ ᠭᠦᠢᠴᠡᠳᠭᠡᠭᠴᠢ ᠡᠶᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠵᠣᠬᠢᠴᠠᠭᠤᠯᠤᠨ ᠰᠢᠢᠳᠪᠦᠷᠢᠯᠡᠵᠦ᠂ ᠴᠠᠭ | ᠲᠤᠬᠠᠢ ᠳᠤ ᠨᠢ ᠬᠠᠷᠢᠭᠤᠯᠲᠠ ᠥᠭᠭᠦᠨ᠎ᠡ︔ ᠪᠠᠶᠢᠳᠠᠯ ᠨᠢ ᠪᠤᠳᠤᠯᠢᠶᠠᠨᠲᠠᠢ ᠣᠷᠣᠯᠠᠨ ᠭᠦᠢᠴᠡᠳᠬᠡᠬᠦ ᠵᠦᠢᠯᠡᠰ ᠢ | ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠤᠨ ᠣᠶᠤᠨᠴᠢ ᠲᠤᠰᠠᠯᠠᠬᠤ | ᠰᠢᠰᠲ᠋ᠧᠮ ︽ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ︾ ᠬᠡᠰᠡᠭ ᠲᠤ ᠲᠦᠰᠢᠭᠯᠡᠨ᠂ ᠪᠥᠬᠦ ᠴᠤᠪᠤᠷᠠᠯ ᠢ | ᠰᠦᠯᠵᠢᠶᠡᠨ ᠳᠡᠭᠡᠷ᠎ᠡ ᠶᠠᠪᠤᠭᠳᠠᠭᠤᠯᠵᠤ᠂ ᠵᠢᠷᠤᠮᠵᠢᠭᠤᠨ ᠰᠢᠢᠳᠪᠦᠷᠢᠯᠡᠵᠦ᠂ ᠴᠠᠭ ᠲᠤᠬᠠᠢ ᠳᠤ ᠨᠢ ᠪᠠᠶᠢᠴᠠᠭᠠᠨ ᠯᠠᠪᠯᠠᠵᠤ | ᠪᠣᠯᠬᠤ᠂ ᠮᠥᠷᠳᠡᠵᠦ ᠪᠣᠯᠬᠤ᠂ ᠰᠢᠮᠳᠠᠭᠤᠯᠤᠨ ᠰᠢᠢᠳᠪᠦᠷᠢᠯᠡᠭᠦᠯᠵᠦ ᠪᠣᠯᠬᠤ ᠶᠢ ᠪᠡᠶᠡᠯᠡᠭᠦᠯᠦᠨ᠎ᠡ᠃ | ᠭᠤᠷᠪᠠ ᠳᠤ ᠦᠨᠡᠨ ᠬᠦ ᠣᠷᠣᠯᠠᠨ ᠭᠦᠢᠴᠡᠳᠬᠡᠵᠦ᠂ ᠠᠰᠠᠭᠤᠳᠠᠯ ᠤᠳ ᠢ ᠦᠨᠡᠨ ᠬᠦ ᠰᠢᠢᠳᠪᠦᠷᠢᠯᠡᠬᠦ ᠶᠢ | ᠴᠢᠷᠮᠠᠶᠢᠨ ᠪᠡᠶᠡᠯᠡᠭᠦᠯᠦᠨ᠎ᠡ᠃ ᠥᠨᠥ ᠵᠢᠯ ᠠᠴᠠ ᠨᠠᠭᠠᠰᠢ᠂ ᠡᠯ᠎ᠡ ᠭᠠᠵᠠᠷ ᠤᠨ ᠬᠢᠨ ︽ᠭᠤᠮᠣᠳᠠᠯ ᠲᠣᠭᠠᠴᠢᠭᠰᠠᠨ ᠦᠭᠡᠢ | ᠪᠠᠶᠢᠲᠠᠯ᠎ᠠ ᠤᠷᠢᠳ ᠢᠶᠠᠷ ᠰᠢᠢᠳᠪᠦᠷᠢᠯᠡᠭᠰᠡᠨ ᠢ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠵᠤ᠂ ᠰᠠᠭᠠᠳ ᠦᠭᠡᠢ | ᠨᠡᠪᠲᠡᠷᠡᠬᠦ ᠵᠠᠮ ᠢᠶᠠᠷ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶᠢᠬᠠᠨ ᠰᠢᠢᠳᠪᠦᠷᠢᠯᠡᠵᠦ᠂ ᠳᠡᠭᠡᠭᠰᠢ ᠳᠣᠷᠣᠭᠰᠢ | ᠨᠡᠪᠲᠡᠷᠡᠬᠦ ᠶᠢ ᠲᠥᠷᠥᠯ ᠬᠤᠪᠢᠶᠠᠨ ᠣᠷᠣᠯᠠᠨ ᠭᠦᠢᠴᠡᠳᠬᠡᠵᠦ︾᠂ ᠠᠵᠢᠯ ᠤᠨ ᠠᠬᠢᠴᠠ ᠶᠢᠨ ᠳᠠᠭᠠᠤ ᠳᠤ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠠᠵᠢᠯ ᠤᠨ ᠣᠷᠣᠨ ᠪᠠᠶᠢᠷᠢ ᠪᠠᠨ ᠴᠠᠭ ᠲᠤᠬᠠᠢ ᠳᠤ ᠨᠢ | ᠬᠤᠪᠢᠷᠠᠭᠤᠯᠵᠤ᠂ ᠨᠢᠭᠡ ᠪᠦᠯᠦᠭ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ | ᠵᠦᠢᠯᠡᠰ ᠢ ᠴᠠᠭ ᠲᠤᠬᠠᠢ ᠳᠤ ᠨᠢ ᠲᠤᠬᠠᠢ ᠶᠢᠨ ᠭᠠᠵᠠᠷ ᠲᠤ ᠨᠢ ᠰᠢᠢᠳᠪᠦᠷᠢᠯᠡᠬᠦ ᠶᠢ ᠦᠨᠡᠨ ᠬᠦ ᠠᠬᠢᠭᠤᠯᠵᠠᠢ᠂ ᠥᠨᠥ | ᠵᠢᠯ ᠠᠴᠠ ᠨᠠᠭᠠᠰᠢ᠂ ᠪᠥᠬᠦ ᠣᠷᠣᠨ ᠳᠤ ᠡᠯ᠎ᠡ ᠲᠥᠷᠥᠯ ᠤᠨ ᠵᠦᠢᠯᠡᠰ ᠢ ᠨᠢᠭᠡᠨᠲᠡ 2.5 ᠲᠦᠮᠡ ᠭᠠᠷᠤᠢ ᠣᠷᠣᠯᠠᠨ | ᠭᠦᠢᠴᠡᠳᠬᠡᠭᠰᠡᠨ ᠪᠠᠶᠢᠨ᠎ᠠ᠃ |