ᠥᠪᠡᠷᠲᠡᠭᠡᠨ ᠵᠠᠰᠠᠬᠤ ᠣᠷᠣᠨ ᠤ ᠲᠠᠰ ᠤᠨ ︽ᠪᠣᠬᠢᠷᠲᠤᠯ ᠥᠬᠡᠶ ᠦᠢᠯᠡᠳᠪᠦᠷᠢ︾ ᠶᠢᠨ ᠵᠠᠷᠯᠠᠯ ᠳᠤ ᠰᠢᠭᠤᠶᠢᠲᠤ ᠲᠣᠭᠤᠷᠢᠭ ᠤᠨ 1 ᠠᠵᠤ ᠠᠬᠤᠶᠢᠯᠠᠯ ᠵᠢᠭᠰᠠᠭᠠᠯᠲᠠ ᠳᠤ ᠣᠷᠣᠪᠠ
ᠨᠡᠶᠢᠲᠡᠯᠡᠭᠰᠡᠨ ᠴᠠᠭ᠄
2024/12/4
        ︽ᠬᠤᠤᠰ ᠨᠡᠭᠦᠷᠡᠰᠦᠲᠥ᠋ᠷᠥᠭᠴᠢ︾ ᠶᠢᠨ ᠠᠬᠤᠶ ᠪᠠᠶᠢᠳᠠᠯ ᠳᠤᠤᠷ᠎ᠠ᠂ ᠪᠣᠬᠢᠷᠲᠤᠯ ᠥᠬᠡᠶ ᠦᠢᠯᠡᠳᠬᠦ ᠦᠢᠯᠡᠰ ᠨᠢ ᠨᠢᠭᠡᠨᠲᠡ ᠠᠵᠢᠯ ᠲᠥᠷᠥᠯ ᠤᠨ ᠬᠥᠭᠵᠢᠯᠲᠡ ᠶᠢᠨ ᠰᠢᠨ᠎ᠡ ᠬᠠᠨᠳᠤᠰᠢ ᠪᠣᠯᠵᠠᠶ᠃ ᠣᠶᠢᠷ᠎ᠠ ᠶᠢᠨ ᠵᠢᠯ  ᠲᠤ᠂ ᠰᠢᠭᠤᠶᠢᠲᠤ ᠲᠣᠭᠤᠷᠢᠭ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠭᠦᠷᠡᠰᠦᠲᠥ᠋ᠷᠥᠭᠴᠢ ᠶᠢᠨ ᠣᠷᠭᠢᠯ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠤᠨ ᠴᠢᠬᠤᠯᠠ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠲᠤᠬᠠᠶ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠨ᠎ᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠲᠣᠭᠤᠷᠢᠭ ᠤᠨ ᠳᠣᠲᠣᠷᠠᠬᠢ ᠭᠤᠤᠯᠳᠠᠯᠭ᠎ᠠ ᠲᠠᠢ ᠠᠵᠤ ᠠᠬᠤᠶᠢᠯᠠᠯ ᠤᠨ ᠪᠣᠬᠢᠷᠲᠤᠯ ᠦᠭᠡᠢ ᠦᠢᠯᠡᠳᠬᠦ ᠲᠣᠭᠳᠠᠯᠴᠠᠭᠠᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠥᠬᠡᠶ ᠬᠦᠷᠢᠶᠡᠯᠡᠩ ᠲᠣᠭᠤᠷᠢᠭ᠂ ᠪᠣᠬᠢᠷᠲᠤᠯ ᠥᠬᠡᠶ ᠦᠢᠯᠡᠳᠪᠦᠷᠢ᠂ ᠪᠣᠬᠢᠷᠲᠤᠯ ᠥᠬᠡᠶ ᠦᠢᠯᠡᠳᠬᠦᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠠᠬᠢᠭᠤᠯᠪᠠ᠃        2024 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠬᠦ ᠵᠢᠱᠢᠶ᠎ᠡ ᠦᠵᠡᠭᠦᠯᠬᠦ ᠨᠢᠭᠡᠴᠢ ᠶᠢᠨ ᠵᠠᠷᠯᠠᠨ ᠨᠡᠶᠢᠲᠡᠯᠡᠭᠰᠡᠨ ᠨᠡᠷᠡᠰ ᠤᠨ ᠳᠣᠲᠣᠷ᠎ᠠ᠂ ᠰᠢᠭᠤᠶᠢᠲᠤ ᠲᠣᠭᠤᠷᠢᠭ ᠤᠨ ᠥᠪᠥᠷ ᠮᠣᠩᠭᠤᠯ ᠤᠨ ᠶᠤᠸᠠᠨ ᠶᠦᠨ ᠳᠠᠬᠢᠯᠲᠠ ᠡᠬᠢ ᠪᠠᠶᠠᠯᠢᠭ ᠤᠨ ᠬᠢᠵᠠᠭᠠᠷᠲᠤ ᠺᠣᠮᠫᠠᠨᠢ ᠥᠪᠡᠷᠲᠡᠭᠡᠨ ᠵᠠᠰᠠᠬᠤ ᠣᠷᠣᠨ ᠤ ᠲᠠᠰ ᠤᠨ ︽ᠪᠣᠬᠢᠷᠲᠤᠯ ᠥᠬᠡᠶ ᠦᠢᠯᠡᠳᠪᠦᠷᠢ︾ ᠶᠢᠨ ᠴᠣᠯᠠ ᠭᠥᠷᠳᠡᠭᠰᠡᠨ ᠪᠥᠭᠡᠳ 50 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠣᠯᠵᠠᠶ᠃        ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠶᠤᠸᠠᠨ ᠶᠦᠨ ᠳᠠᠬᠢᠯᠲᠠ ᠡᠬᠢ ᠪᠠᠶᠠᠯᠢᠭ ᠤᠨ ᠬᠢᠵᠠᠭᠠᠷᠲᠤ ᠺᠣᠮᠫᠠᠨᠢ ᠨᠢ ᠬᠢᠮᠢ ᠶᠢᠨ ᠠᠵᠤ ᠦᠢᠯᠡᠳᠪᠦᠷᠢ᠂ ᠣᠨᠴᠠᠯᠢᠭᠲᠤ ᠲᠡᠮᠦᠷᠯᠢᠭ ᠬᠠᠶᠢᠯᠤᠭᠤᠯᠬᠤ᠂ ᠡᠨᠧᠷᠭᠢ ᠪᠠᠷᠢᠯᠭ᠎ᠠ ᠶᠢᠨ ᠮᠠᠲ᠋ᠧᠷᠢᠶᠠᠯ ᠪᠠ ᠪᠣᠯᠪᠠᠰᠤᠷᠠᠭᠤᠯᠬᠤ ᠠᠵᠤ ᠦᠢᠯᠡᠳᠪᠦᠷᠢ ᠶᠢ ᠬᠥᠭᠵᠢᠭᠦᠯᠬᠦ ᠪᠠᠷ ᠭᠤᠤᠯ ᠪᠤᠯᠭᠠᠳᠠᠭ᠃ ᠺᠣᠮᠫᠠᠨᠢ ᠨᠢ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠪᠠᠷ ᠬᠦᠴᠦᠯᠡᠵᠦ᠂ ᠭᠤᠣᠯᠳᠠᠭᠤ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠵᠤ᠂ ᠰᠢᠭᠤᠶᠢᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠨᠡᠶᠢᠴᠡᠨ᠎ᠡ᠃ᠦᠢᠯᠡᠳᠪᠦᠷᠢ ᠪᠠᠶᠢᠭᠤᠯᠬᠤ ᠠᠴᠠ ᠡᠬᠢᠯᠡᠨ᠂ ᠥᠪᠥᠷ ᠮᠣᠩᠭᠤᠯ ᠤᠨ ᠶᠤᠸᠠᠨ ᠶᠦᠨ ᠳᠠᠬᠢᠯᠲᠠ ᠡᠬᠢ ᠪᠠᠶᠠᠯᠢᠭ ᠤᠨ ᠬᠢᠵᠠᠭᠠᠷᠲᠤ ᠺᠣᠮᠫᠠᠨᠢ ᠨᠢ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠣᠭᠲᠠᠯ ᠬᠦᠴᠦᠨ ᠢ ᠪᠠᠷᠢᠮᠲᠠᠯᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠥᠭᠡᠷᠡᠴᠢᠯᠡᠯᠲᠡ ᠶᠢᠨ ᠲᠦᠷᠦᠯ ᠵᠦᠢᠯ ᠢ ᠢᠳᠡᠪᠬᠢᠲᠡᠢ ᠥᠷᠨᠢᠭᠦᠯᠵᠦ᠂ ︽ᠲᠡᠭ ᠨᠡᠭᠦᠷᠡᠰᠦᠲᠥ᠋ᠷᠥᠭᠴᠢ︾ ᠶᠢᠨ ᠦᠢᠯᠡᠳᠪᠦᠷᠢ ᠶᠢ ᠪᠠᠶᠢᠭᠤᠯᠪᠠ᠃ ᠨᠡᠷᠡᠨ ᠡᠨᠧᠷᠭᠢ ᠵᠡᠷᠭᠡ ᠰᠢᠨ᠎ᠡ ᠡᠨᠧᠷᠭᠢ᠂ ᠬᠠᠶᠠᠭᠳᠠᠮᠠᠯ ᠪᠣᠯᠣᠳ ᠲᠡᠮᠦᠷ ᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ᠂ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠶᠢᠴᠠᠭᠠᠨ ᠰᠢᠨᠵᠢᠬᠦ ᠵᠡᠷᠭᠡ ᠠᠷᠭ᠎ᠠ ᠮᠠᠶ᠋ᠢᠭ ᠢ ᠬᠡᠷᠡᠭᠯᠡᠬᠦ ᠪᠠᠷ ᠳᠠᠮᠵᠢᠭᠤᠯᠤᠨ ᠦᠢᠯᠡᠳᠪᠦᠷᠢ ᠶᠢᠨ ︽ᠳᠠᠩ ᠨᠡᠭᠦᠷᠡᠰᠦᠲᠥ᠋ᠷᠥᠭᠴᠢ︾ ᠭᠠᠳᠠᠭᠰᠢᠯᠠᠭᠤᠯᠬᠤ ᠶᠢ ᠪᠡᠶᠡᠯᠡᠭᠦᠯᠪᠡ᠃ ︽ᠪᠣᠬᠢᠷᠲᠤᠯ ᠥᠬᠡᠶ ᠦᠢᠯᠡᠳᠪᠦᠷᠢᠯᠡᠯ᠂ ᠪᠣᠬᠢᠷᠲᠤᠯ ᠥᠬᠡᠶ ᠬᠥᠭᠵᠢᠯᠲᠡ︾ ᠶᠢᠨ ᠣᠶᠢᠯᠠᠭᠠᠭᠳᠠᠬᠤᠨ ᠢᠶᠠᠷ ᠳᠠᠬᠢᠨ ᠪᠣᠶ ᠪᠣᠯᠬᠤ ᠪᠠ ᠬᠠᠮᠲᠤᠷᠠᠯᠴᠠᠭᠠᠨ ᠤ ᠬᠠᠨᠢᠲᠠᠨ ᠤ ᠦᠷᠭᠦᠯᠵᠢᠯᠡᠨ ᠬᠥᠭᠵᠢᠬᠦ ᠶᠢ ᠬᠠᠮᠲᠤ ᠪᠠᠷ ᠦᠢᠯᠡᠳᠦᠯᠭᠡᠵᠢᠭᠦᠯᠬᠦ ᠶᠢ ᠲᠠᠶᠢᠴᠢᠯᠠᠪᠠ᠃
自治区级“绿色工厂”,石拐区1家企业上榜.jpg
        ︽ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ︿ᠡᠬᠢ ᠰᠤᠷᠪᠤᠯᠵᠢ ᠶᠢ ᠨᠡᠭᠡᠭᠡᠬᠦ﹀᠂ ︿ᠤᠰᠤ ᠠᠷᠪᠢᠯᠠᠬᠤ﹀ ᠬᠤᠶᠠᠷ ᠢ ᠤᠶᠠᠯᠳᠤᠭᠤᠯᠤᠨ ᠬᠦᠴᠦᠯᠡᠵᠦ᠂ ᠬᠤᠤᠰ ᠨᠡᠭᠦᠷᠡᠰᠦᠲᠥ᠋ᠷᠥᠭᠴᠢ ᠶᠢᠨ ᠬᠠᠷᠠᠯᠲᠠ ᠶᠢ ᠪᠡᠶᠡᠯᠡᠭᠦᠯᠦᠨ᠎ᠡ᠃ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠬᠡᠪ ᠳᠠᠭᠤᠷᠢᠶᠠᠯ ᠢ ᠪᠣᠶ ᠪᠣᠯᠭᠠᠵᠤ᠂ ᠦᠢᠯᠡᠳᠪᠦᠷᠢᠯᠡᠯ ᠢ ᠲᠡᠷᠢᠭᠦᠨ ᠤ ᠪᠣᠯᠭᠠᠬᠤ᠂ ᠠᠦ᠋ᠲ᠋ᠣᠴᠢᠯᠠᠬᠤ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠲᠦᠷᠭᠡᠳᠬᠡᠵᠦ᠂ ᠭᠠᠷᠮᠠᠭᠠᠶ ᠥᠷᠲᠡᠭ ᠢ ᠲᠠᠰᠤᠷᠠᠯᠲᠠ ᠥᠬᠡᠶ ᠡᠭᠦᠳᠦᠨ᠎ᠡ︾ ᠭᠡᠵᠦ ᠥᠪᠥᠷ ᠮᠣᠩᠭᠤᠯ ᠤᠨ ᠶᠤᠸᠠᠨ ᠶᠦᠨ ᠳᠠᠬᠢᠯᠲᠠ ᠡᠬᠢ ᠪᠠᠶᠠᠯᠢᠭ ᠤᠨ ᠬᠢᠵᠠᠭᠠᠷᠲᠤ ᠺᠣᠮᠫᠠᠨᠢ ᠶᠢᠨ ᠬᠠᠤᠯᠢ ᠶᠢᠨ ᠡᠷᠬᠡᠲᠡᠨ ᠯᠠᠶ ᠠᠨ ᠲᠠᠢ ᠢᠯᠡᠳᠬᠡᠪᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号