11 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠰᠢᠭᠤᠶᠢᠲᠤ ᠲᠣᠭᠤᠷᠢᠭ ᠤᠨ | ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ | ᠠᠵᠢᠯ ᠤᠨ ᠵᠥᠪᠯᠡᠯ ᠠᠴᠠ ᠵᠡᠮᠳᠡᠭᠴᠦᠳ ᠤᠨ ᠬᠤᠯᠪᠣᠭ᠎ᠠ ᠵᠡᠷᠭᠡ ᠣᠯᠠᠨ ᠨᠢᠭᠡᠴᠢ ᠪᠣᠯᠤᠨ ᠬᠠᠶᠢᠷ᠎ᠠ ᠬᠠᠯᠠᠮᠵᠢ ᠶᠢᠨ | ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠰᠢᠭᠤᠶᠢᠲᠤ ᠲᠣᠭᠤᠷᠢᠭ ᠤᠨ ᠶᠢᠨ ᠵᠧᠩ ᠲᠣᠮᠣ ᠠᠰᠠᠷ ᠤᠨ D | ᠰᠠᠭᠤᠳᠠᠯᠳᠤ ᠨᠢᠭᠡᠳᠦᠭᠡᠷ ᠳᠠᠪᠬᠤᠷᠯᠢᠭ ᠤᠨ ᠬᠤᠷᠠᠯ ᠤᠨ ᠲᠢᠩᠬᠢᠮ ᠳᠤ ︽ᠰᠢᠭᠤᠶᠢᠲᠤ ᠲᠣᠭᠤᠷᠢᠭ ᠤᠨ 2024 | ᠣᠨ ᠤᠠᠯᠲᠠᠨ ᠨᠠᠮᠤᠷ ᠲᠤ ᠰᠤᠷᠤᠯᠭ᠎ᠠ ᠶᠢ ᠲᠡᠳᠬᠦᠬᠦ ᠬᠢᠭᠡᠳ ᠱᠠᠩᠨᠠᠯ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ︾ | ᠲᠠᠷᠬᠠᠭᠠᠬᠤ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠤᠯᠪᠠ᠃ ᠰᠢᠭᠤᠶᠢᠲᠤ ᠲᠣᠭᠤᠷᠢᠭ ᠤᠨ ᠵᠡᠮᠳᠡᠭᠴᠦᠳ ᠤᠨ | ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠰᠦᠨ ᠵᠢᠶᠠᠨ ᠶᠤᠸᠠᠨ ᠵᠢᠴᠢ ᠡᠯ᠎ᠡ ᠬᠠᠮᠢᠶ᠎ᠠ ᠪᠥᠬᠦᠶ | ᠨᠢᠭᠡᠴᠢ ᠶᠢᠨ ᠬᠠᠷᠢᠭᠤᠴᠠᠯᠭᠠᠲᠠᠨ ᠪᠠ ᠠᠪᠤᠷᠠᠨ ᠲᠤᠰᠠᠯᠠᠭᠳᠠᠭᠰᠠᠨ ᠣᠶᠤᠲᠠᠨ ᠬᠢᠭᠡᠳ ᠬᠡᠷ ᠤᠨ ᠠᠬᠠᠮᠠᠳ ᠤᠨ | ᠲᠥᠯᠥᠭᠡᠯᠡᠭᠴᠢ ᠤᠷᠢᠯᠭ᠎ᠠ ᠪᠠᠷ ᠠᠵᠢᠯᠯᠠᠭ᠎ᠠ ᠳᠤ ᠣᠷᠣᠯᠴᠠᠪᠠ᠃ | | ︽ᠠᠯᠲᠠᠨ ᠨᠠᠮᠤᠷ ᠲᠤ ᠰᠤᠷᠤᠯᠭ᠎ᠠ ᠶᠢ ᠲᠡᠳᠬᠦᠵᠦ᠂ ᠬᠦᠰᠡᠯ ᠵᠡᠭᠦᠳᠦ ᠶᠢ ᠨᠢ ᠲᠡᠷᠭᠡᠯᠰᠢᠭᠦᠯᠦᠶ᠎ᠡ︾᠂ | ᠲᠣᠰ ᠤᠳᠠᠭᠠᠨ ᠤ ᠠᠵᠢᠯᠯᠠᠭ᠎ᠠ ᠨᠢ ᠨᠡᠶᠢᠲᠡ 12 ᠵᠡᠮᠳᠡᠭᠴᠦᠳ ᠤᠨ ᠬᠡᠷ ᠪᠦᠯᠢ ᠶᠢᠨ ᠰᠤᠷᠤᠭᠴᠢᠳ ᠲᠤ 2.65 | ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠵᠤ᠂ ᠲᠡᠳᠡᠨ ᠤ ᠰᠤᠷᠤᠯᠭ᠎ᠠ ᠶᠢᠨ ᠠᠶᠠᠨ | ᠬᠦᠭᠡᠭᠡᠭᠰᠡᠨ ᠠᠴᠠ ᠪᠣᠯᠤᠭᠰᠠᠨ ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠵᠦ᠂ ᠲᠡᠳᠡᠨ ᠢ ᠬᠠᠪᠰᠤᠷᠤᠨ ︽ | ᠶᠡᠭᠡ ᠰᠤᠷᠭᠠᠭᠤᠯᠢ ᠶᠢᠨ ᠵᠡᠭᠦᠳᠦ︾ ᠶᠢ ᠬᠠᠮᠲᠤ ᠪᠠᠷ ᠲᠡᠷᠭᠡᠯᠰᠢᠭᠦᠯᠪᠡ᠃ | | ︽ᠠᠯᠲᠠᠨ ᠨᠠᠮᠤᠷ ᠲᠤ ᠰᠤᠷᠤᠯᠭ᠎ᠠ ᠶᠢ ᠲᠡᠳᠬᠦᠬᠦ︾ ᠠᠵᠢᠯᠯᠠᠭ᠎ᠠ ᠨᠢ ᠬᠠᠷᠢᠶᠠᠲᠤ ᠲᠣᠭᠤᠷᠢᠭ ᠤᠨ ᠵᠡᠮᠳᠡᠭ | ᠣᠶᠤᠳᠠᠳ ᠪᠤᠶᠤ ᠵᠡᠮᠳᠡᠭᠴᠦᠳ ᠤᠨ ᠬᠡᠷ ᠪᠦᠯᠢ ᠶᠢᠨ ᠣᠶᠤᠲᠠᠨ ᠨᠢᠭᠡᠪᠦᠷᠢ ᠶᠢᠨ ᠠᠮᠢᠳᠤᠷᠠᠯ ᠬᠦᠴᠢᠷᠳᠡᠯ ᠠᠴᠠ | ᠪᠣᠯᠵᠣ ᠰᠤᠷᠤᠯᠭ᠎ᠠ ᠵᠤᠭᠰᠤᠬᠤ ᠦᠭᠡᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠵᠡᠮᠳᠡᠭᠴᠦᠳ ᠲᠤ ᠨᠠᠮ ᠪᠠ | ᠵᠠᠰᠠᠭ ᠤᠨ ᠣᠷᠳᠣᠨ ᠤ ᠣᠨᠴᠠᠭᠠᠶ ᠬᠠᠯᠠᠮᠵᠢᠯᠠᠯ᠂ ᠣᠨᠴᠠᠭᠠᠶ ᠬᠠᠯᠠᠮᠵᠢᠯᠠᠯ ᠠᠴᠠ ᠢᠷᠡᠭᠰᠡᠨ ᠬᠠᠶᠢᠷ᠎ᠠ ᠬᠠᠯᠠᠮᠵᠢ ᠶᠢ | ᠦᠨᠡᠨ ᠬᠦ ᠮᠡᠳᠡᠷᠡᠭᠦᠯᠵᠦ᠂ ᠵᠡᠮᠳᠡᠭᠴᠦᠳ ᠤᠨ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ | ᠨᠠᠮ ᠢᠶᠠᠨ ᠳᠠᠭᠠᠬᠤ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠪᠠ᠃ | |