ᠦᠨᠡᠯᠡᠯᠲᠡ ᠪᠠᠷ ᠪᠠᠶᠢᠭᠤᠯᠤᠯᠳᠠ ᠶᠢ ᠠᠬᠢᠭᠤᠯᠵᠤ  ᠦᠨᠡᠯᠡᠯᠳᠡ ᠪᠠᠷ ᠦᠭᠡᠷᠡᠴᠢᠯᠡᠯᠳᠡ ᠶᠢ ᠠᠬᠢᠭᠤᠯᠵᠤ  ᠦᠨᠡᠯᠡᠯᠳᠡ ᠪᠠᠶᠢᠭᠤᠯᠤᠯᠳᠠ ᠶᠢ ᠵᠡᠷᠭᠡᠪᠡᠷ ᠠᠳᠬᠤᠪᠠ — ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠣᠭᠤᠷᠢᠭ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠵᠡᠷᠭᠡ ᠳᠡᠰ ᠢ ᠬᠢᠨᠠᠨ ᠲᠣᠭᠲᠠᠭᠠᠬᠤ ᠠᠵᠢᠯ ᠤᠨ ᠲᠤᠬᠠᠢ ᠲᠤᠰᠬᠠᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/12/9
        ᠡᠮᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠡᠮᠴᠢᠯᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠨ᠂ ᠡᠪᠡᠳᠴᠢᠲᠡᠨ ᠤ ᠡᠪᠡᠳᠴᠢᠨ ᠦᠵᠡᠭᠦᠯᠬᠦ ᠦᠢᠯᠡᠴᠢᠯᠡᠭᠡᠨ ᠤ ᠣᠶᠢᠯᠠᠭᠠᠯᠳᠠ ᠶᠢ ᠰᠠᠶᠢᠵᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠡᠮᠨᠡᠯᠭᠡ ᠶᠢᠨ ᠬᠤᠷᠢᠶ᠎ᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠣᠭᠤᠷᠢᠭ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠵᠡᠷᠭᠡ ᠳᠡᠰ ᠢ ᠬᠢᠨᠠᠨ ᠲᠣᠭᠲᠠᠭᠠᠬᠤ ᠠᠵᠢᠯ ᠤᠨ ᠲᠤᠬᠠᠢ ᠲᠤᠰᠬᠠᠢ ᠬᠢᠨᠠᠨ ᠵᠢᠯᠣᠭᠤᠳᠪᠠ᠃
图片3.png
        ᠬᠤᠤ ᠱᠦᠵᠢ ᠡᠮᠨᠡᠯᠭᠡ ᠶᠢᠨ ᠬᠤᠷᠢᠶᠠᠨ ᠤ ᠡᠯ᠎ᠡ ᠡᠮᠴᠢᠯᠡᠭᠡ᠂ ᠡᠮᠴᠢᠯᠡᠭᠡᠨ ᠤ ᠮᠡᠷᠭᠡᠵᠢᠯ ᠤᠨ ᠰᠠᠯᠠᠭ᠎ᠠ ᠲᠠᠰᠤᠭ ᠪᠣᠯᠤᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠭᠦᠨᠵᠡᠭᠡᠶᠢᠷᠡᠵᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠡᠮᠨᠡᠯᠭᠡ ᠶᠢᠨ ᠬᠤᠷᠢᠶᠠᠨ ᠤ ᠣᠷᠣ᠂ ᠰᠠᠯᠠᠭ᠎ᠠ ᠲᠠᠰᠤᠭ ᠤᠨ ᠪᠠᠶᠢᠷᠢᠯᠠᠭᠤᠯᠤᠯᠲᠠ᠂ ᠠᠵᠢᠯᠲᠠᠨ ᠤ ᠲᠣᠬᠢᠷᠠᠭᠤᠯᠤᠯᠲᠠ᠂ ᠬᠡᠷ ᠪᠠᠶᠢᠰᠢᠩ᠂ ᠲᠣᠨᠤᠭ ᠲᠥᠬᠦᠭᠡᠷᠦᠮᠵᠢ ᠵᠢᠴᠢ ᠲᠦᠷᠢᠮ ᠲᠣᠭᠲᠠᠭᠠᠯ ᠵᠡᠷᠭᠡ ᠡᠯ᠎ᠡ ᠲᠠᠯ᠎ᠠ  ᠳᠤ ᠪᠥᠬᠦ ᠲᠠᠯ᠎ᠠ ᠪᠠᠷ ᠰᠢᠰᠲ᠋ᠧᠮ ᠲᠠᠢ ᠬᠢᠨᠠᠨ ᠵᠢᠯᠣᠭᠤᠳᠬᠤ ᠶᠢᠨ ᠬᠠᠮᠲᠤ᠂ ᠨᠢᠭᠡ ᠳᠤ᠂ ᠴᠤᠭ ᠵᠢᠪᠬᠤᠭ᠎ᠠ ᠲᠡᠭᠦᠯᠳᠡᠷ ᠡᠷᠴᠢ ᠵᠣᠷᠢᠭ ᠲᠡᠭᠦᠯᠳᠡᠷ ᠪᠠᠶᠢᠬᠤ ᠬᠡᠷᠡᠭᠲᠡᠶ᠃ ᠪᠥᠬᠦ ᠡᠮᠨᠡᠯᠭᠡ ᠶᠢᠨ ᠠᠵᠢᠯᠲᠠᠳ ᠡᠷᠬᠡᠪᠰᠢ ᠦᠵᠡᠯ ᠰᠠᠨᠠᠭ᠎ᠠ ᠪᠠᠨ ᠨᠢᠭᠡᠳᠬᠡᠨ᠂ ᠵᠣᠷᠢᠭ ᠰᠠᠨᠠᠭ᠎ᠠ ᠪᠠᠨ ᠤᠯᠠᠮ ᠨᠢᠭᠡ ᠠᠯᠬᠤᠮ ᠬᠥᠭᠵᠢᠭᠡᠵᠦ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠤᠨ ᠳᠤᠮᠳᠠ ᠪᠠᠨ ᠣᠷᠣᠯᠴᠠᠵᠤ᠂ ᠬᠥᠮᠥᠨ ᠪᠦᠬᠦᠨ ᠣᠷᠣᠯᠴᠠᠬᠤ᠂ ᠬᠥᠮᠥᠨ ᠪᠦᠬᠦᠨ ᠲᠡᠷᠢᠭᠦᠨ ᠳᠤ ᠣᠷᠣᠬᠤ ᠪᠠᠷ ᠴᠢᠷᠮᠠᠶᠢᠬᠤ ᠭᠦᠨ ᠵᠤᠵᠠᠭᠠᠨ ᠠᠵᠢᠯ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠬᠤᠶᠠᠷ ᠲᠤ ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠡᠭᠦᠳᠦᠨ ᠪᠠᠶᠢᠭᠤᠯᠬᠤ ᠠᠵᠢᠯ ᠢᠶᠠᠷ ᠳᠠᠮᠵᠢᠭᠤᠯᠤᠨ᠂ ᠡᠮᠨᠡᠯᠭᠡ ᠶᠢᠨ ᠬᠤᠷᠢᠶ᠎ᠠ ᠦᠢᠯᠡᠴᠢᠯᠡᠭᠡᠨ ᠤ ᠴᠤᠪᠤᠷᠠᠯ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠦᠨᠡᠯᠡᠯᠲᠡ ᠪᠠᠷ ᠪᠠᠶᠢᠭᠤᠯᠤᠯᠲᠠ ᠶᠢ ᠠᠬᠢᠭᠤᠯᠵᠤ᠂ ᠦᠨᠡᠯᠡᠯᠲᠡ ᠪᠠᠷ ᠥᠭᠡᠷᠡᠴᠢᠯᠡᠯᠲᠡ ᠶᠢ ᠠᠬᠢᠭᠤᠯᠵᠤ᠂ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠡᠮᠨᠡᠯᠭᠡ ᠶᠢᠨ ᠬᠤᠷᠢᠶᠠᠨ ᠤ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠭᠤᠷᠪᠠ ᠳᠤ᠂ ᠨᠠᠷᠢᠨ ᠨᠢᠭᠲᠠ ᠦᠩᠭᠡᠷᠡᠭᠰᠡᠨ ᠢᠶᠠᠨ ᠡᠷᠭᠢᠴᠡᠭᠦᠯᠵᠦ ᠲᠤᠳᠠᠭᠳᠠᠯ ᠢᠶᠠᠨ ᠨᠥᠬᠦᠪᠥᠷᠢᠯᠡᠬᠦ ᠬᠡᠷᠡᠭᠲᠡᠢ᠃ ᠡᠭᠦᠳᠦᠨ ᠪᠠᠶᠢᠭᠤᠯᠬᠤ ᠵᠦᠢᠯ ᠵᠤᠷᠪᠤᠰ ᠪᠠ ᠨᠠᠷᠢᠨ ᠲᠦᠷᠢᠮ ᠤᠨ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ᠂ ᠲᠤᠰᠬᠠᠶ ᠮᠡᠷᠭᠡᠵᠢᠯᠲᠡᠨ ᠤ ᠵᠢᠯᠣᠭᠤᠳᠬᠤ ᠰᠠᠨᠠᠯ ᠪᠠ ᠡᠮᠨᠡᠯᠭᠡ ᠶᠢᠨ ᠬᠤᠷᠢᠶᠠᠨ ᠤ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠦᠷᠭᠦᠯᠵᠢᠯᠡᠨ ᠨᠠᠷᠢᠨ ᠡᠷᠢᠵᠦ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠠᠭᠤᠯᠤᠭᠳᠠᠬᠤᠨ ᠤ ᠪᠠᠶᠢᠭᠤᠯᠤᠯᠲᠠ ᠶᠢ ᠴᠢᠬᠤᠯᠠᠴᠢᠯᠠᠨ᠂ ᠡᠭᠦᠳᠦᠨ ᠪᠠᠶᠢᠭᠤᠯᠬᠤ ᠡᠭᠦᠷᠭᠡ ᠶᠢ ᠴᠢᠨᠠᠷ ᠰᠠᠶᠢᠲᠠᠶ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠠᠬᠢᠭᠤᠯᠬᠤ ᠭᠡᠷᠡᠭᠳᠡᠢ ᠭᠡᠬᠦ ᠭᠤᠷᠪᠠᠨ ᠲᠠᠯ᠎ᠠ ᠶᠢᠨ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃        ᠡᠮᠨᠡᠯᠭᠡ ᠶᠢᠨ ᠬᠤᠷᠢᠶᠠᠨ ᠤ ᠤᠳᠤᠷᠢᠳᠬᠤ ᠪᠠᠭ ᠵᠢᠴᠢ ᠠᠵᠢᠯᠲᠠᠳ ᠪᠥᠬᠦ ᠬᠦᠴᠦᠨ ᠢᠶᠠᠷ ᠢᠶᠠᠨ ᠴᠢᠷᠮᠠᠶᠢᠵᠤ ᠂ ᠬᠢᠨᠠᠨ ᠲᠣᠭᠲᠠᠭᠠᠬᠤ ᠠᠵᠢᠯ ᠢ ᠢᠳᠡᠪᠬᠢᠲᠡᠶ ᠤᠭᠲᠤᠵᠤ᠂ ᠴᠢᠨᠠᠷ ᠰᠠᠶᠢᠲᠠᠶ᠂ ᠥᠨᠳᠥᠷ ᠬᠢᠷᠢ ᠲᠦᠪᠰᠢᠨ ᠪᠥᠬᠦᠶ ᠬᠤᠶᠠᠳᠤᠭᠠᠷ ᠳᠡᠰ ᠤᠨ ᠬᠦᠬᠡ ᠲᠠᠰ ᠤᠨ ᠡᠮᠨᠡᠯᠭᠡ ᠶᠢᠨ ᠬᠤᠷᠢᠶ᠎ᠠ ᠶᠢ ᠴᠢᠷᠮᠠᠶᠢᠨ ᠪᠠᠶᠢᠭᠤᠯᠵᠤ᠂ ᠰᠢᠭᠤᠶᠢᠲᠤ ᠲᠣᠭᠤᠷᠢᠭ ᠤᠨ ᠣᠯᠠᠨ ᠲᠦᠮᠡᠨ ᠳᠤ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠨ᠎ᠠ ᠭᠡᠵᠦ ᠢᠯᠡᠳᠬᠡᠵᠡᠭᠡᠪᠡ᠃ 
 
ᠢᠷᠡᠯᠲᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号