ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ 2025 ᠣᠨ ᠤ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠯᠪᠠᠨ ᠵᠠᠷ
ᠨᠡᠶᠢᠲᠡᠯᠡᠭᠰᠡᠨ ᠴᠠᠭ᠄
2024/12/9
        ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠰᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠵᠢᠷᠤᠮᠵᠢᠭᠤᠯᠤᠨ ᠡᠮᠬᠢ ᠵᠢᠷᠤᠮ ᠲᠠᠢ ᠥᠷᠨᠢᠭᠦᠯᠬᠦ ᠶᠢᠨ ᠲᠤᠰᠠᠳᠠ᠂ ︽ᠪᠤᠭᠤᠲᠤ ᠬᠤᠲᠠ ᠶᠢᠨ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠷᠭ᠎ᠠ︾ ︵ᠳᠠᠭᠠᠭᠠᠴᠢᠯᠠᠭᠰᠠᠨ ᠴᠢᠳᠠᠪᠤᠷᠢᠲᠠᠨ ᠤ ᠳᠤᠭᠤᠶᠢᠯᠠᠩ ᠲᠠᠷᠬᠠᠭᠠᠭᠰᠠᠨ ﹇2023﹈ 3 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠰᠢᠭᠤᠶᠢᠲᠤ ᠲᠣᠭᠤᠷᠢᠭ ᠤᠨ 2025 ᠣᠨ ᠤ ᠠᠵᠢᠯ ᠦᠢᠯᠡᠰ ᠤᠨ  ᠨᠢᠭᠡᠴᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠥᠷᠨᠢᠭᠦᠯᠬᠦ ᠪᠠᠷ ᠲᠥᠯᠥᠪᠯᠡᠵᠦ᠂ ᠪᠣᠳᠠᠲᠠᠶ ᠤᠴᠢᠷ ᠢ ᠳᠣᠤᠷᠠᠬᠢ ᠮᠡᠲᠦ ᠵᠠᠷᠯᠠᠨ᠎ᠠ᠃        ᠨᠢᠭᠡ᠂ ᠣᠷᠣᠭᠤᠯᠬᠤ ᠲᠥᠯᠥᠪᠯᠡᠭᠡ        ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ 20 ᠴᠢᠳᠠᠪᠤᠷᠢᠲᠠᠨ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ︽ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ 2025 ᠣᠨ ᠤ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢᠨ ᠬᠦᠰᠦᠨᠦᠭᠲᠦ︾ ︵ᠳᠠᠭᠠᠯᠳᠤᠭᠤᠯᠤᠯ︾        ᠬᠤᠶᠠᠷ᠂ ᠨᠡᠷ᠎ᠡ ᠮᠡᠳᠡᠭᠦᠯᠬᠦ ᠬᠢᠷᠢ ᠬᠡᠮ ᠤᠨ ᠨᠥᠬᠦᠴᠡᠯ        ︵ᠨᠢᠭᠡ︶ ᠳᠣᠣᠷᠠᠬᠢ ᠨᠥᠬᠦᠴᠡᠯ ᠢ ᠡᠷᠬᠡᠪᠰᠢ ᠪᠦᠷᠢᠯᠳᠦᠭᠦᠯᠬᠦ ᠬᠡᠷᠡᠭᠲᠡᠢ᠄        1. ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ᠂ ᠡᠷᠦᠬᠡ ᠠᠮᠠ ᠶᠢᠨ  ᠬᠢᠵᠠᠭᠠᠷ ᠦᠭᠡᠢ᠃        2. ᠦᠨᠳᠦᠰᠦᠨ ᠬᠠᠤᠯᠢ ᠪᠠ ᠬᠠᠤᠯᠢ ᠴᠠᠭᠠᠵᠠ᠂ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠰᠠᠶᠢᠨ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠬᠦᠷᠢᠶᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠠᠵᠢᠯ ᠦᠢᠯᠡᠰ ᠤᠨ ᠰᠡᠳᠬᠢᠯ ᠢᠶᠠᠷ ᠴᠢᠩᠭ᠎ᠠ ᠪᠠᠶᠢᠵᠤ᠂ ᠵᠣᠬᠢᠶᠠᠨ ᠪᠠᠶᠢᠭᠤᠯᠤᠯᠲᠠ ᠶᠢᠨ ᠬᠤᠪᠢᠶᠠᠷᠢᠯᠠᠯᠲᠠ ᠶᠢ ᠳᠠᠭᠠᠬᠤ ᠬᠡᠷᠡᠭᠲᠡᠢ᠃        3. ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠵᠣᠬᠢᠴᠠᠬᠤ ᠪᠡᠶ᠎ᠡ ᠮᠠᠬᠠᠪᠣᠳ ᠤᠨ ᠨᠥᠬᠦᠴᠡᠯ ᠪᠣᠯᠤᠨ ᠰᠡᠳᠬᠢᠴᠡ ᠶᠢᠨ ᠬᠡᠪ ᠴᠢᠨᠠᠷ ᠲᠠᠢ ᠪᠠᠶᠢᠬᠤ ᠬᠡᠷᠡᠭᠳᠡᠢ᠃        4. ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠨᠥᠬᠦᠴᠡᠯ᠄        ︵1︶  ︽ᠬᠤᠤᠰ ᠲᠡᠷᠢᠭᠦᠨ︾ ᠤ ᠪᠥᠲᠥᠭᠡᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ︵ᠰᠤᠷᠭᠠᠨ ᠬᠥᠮᠦᠵᠢᠯ ᠤᠨ ᠶᠠᠮᠤᠨ ᠤ ᠵᠢᠭᠠᠨ ᠰᠤᠳᠤᠯᠬᠤ ᠵᠠᠬᠢᠳᠠᠯ ﹇2022﹈ 1 ᠳ᠋ᠦ᠋ᠭᠡᠷ ᠲᠣᠭᠠᠲᠤ ᠪᠠᠷ ᠨᠡᠶᠢᠲᠡᠯᠡᠭᠰᠡᠨ ᠳᠡᠭᠡᠳᠦ ᠰᠤᠷᠭᠠᠭᠤᠯᠢ︶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠣᠷᠣᠭᠴᠢ ᠮᠥᠷᠲᠡᠭᠡᠨ ᠬᠠᠷᠠᠭᠠᠯᠵᠠᠭᠰᠠᠨ ᠡᠷᠳᠡᠮ ᠤᠨ ᠴᠣᠯᠠ ᠭᠥᠷᠳᠡᠭᠰᠡᠨ ᠬᠥᠮᠦᠰ︔ ︵2︶ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠠᠰᠫᠢᠷᠠᠨᠲ ᠮᠥᠷᠲᠡᠭᠡᠨ ᠬᠠᠷᠠᠭᠠᠯᠵᠠᠭᠰᠠᠨ ᠡᠷᠳᠡᠮ ᠤᠨ ᠴᠣᠯᠠ ᠵᠢᠴᠢ ᠲᠡᠭᠦᠨ ᠠᠴᠠ ᠳᠡᠭᠡᠭᠰᠢᠬᠢ ᠬᠦᠮᠦᠰ︔ ︵3︶ ᠭᠠᠳᠠᠭᠠᠳᠤ ᠳᠤ ᠰᠤᠷᠤᠯᠴᠠᠭᠰᠠᠳ ᠲᠤᠬᠠᠢ ᠶᠢᠨ ᠵᠢᠯ ᠤᠨ QS ᠳᠡᠯᠡᠬᠡᠢ ᠶᠢᠨ ᠶᠡᠭᠡ ᠰᠤᠷᠭᠠᠭᠤᠯᠢ ᠶᠢᠨ ᠨᠡᠷᠡᠰ ᠤᠨ ᠡᠮᠦᠨ᠎ᠡ 300 ︵300 ᠳ᠋ᠤᠭᠠᠷ ᠨᠡᠷᠡᠰ ᠢ ᠪᠠᠭᠳᠠᠭᠠᠨ᠎ᠠ︶ ᠨᠡᠷᠡᠰ ᠢ ᠬᠠᠩᠭᠠᠬᠤ ᠪᠠᠷ ᠪᠠᠷᠠᠬᠤ ᠦᠭᠡᠢ ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠭᠰᠠᠳ ᠤᠨ ᠦᠢᠯᠡᠴᠢᠯᠡᠭᠡᠨ ᠤ ᠲᠥᠪ ᠤᠨ ᠭᠡᠷᠡᠴᠢᠯᠡᠯ ᠤᠨ ᠬᠠᠷᠠᠭᠠᠯᠵᠠᠭᠰᠠᠨ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠵᠢᠴᠢ ᠲᠡᠭᠦᠨ ᠠᠴᠠ ᠳᠡᠭᠡᠭᠰᠢᠬᠢ ᠬᠥᠮᠥᠰ᠃ ᠬᠠᠷᠠᠭᠠᠯᠵᠠᠭᠰᠠᠨ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ ᠢ 2025 ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠪᠬᠤ ᠬᠡᠷᠡᠭᠲᠡᠶ︔ ︵4︶ ᠪᠦᠬᠦᠯᠢ ᠡᠳᠦᠷ ᠤᠨ ᠳᠦᠷᠢᠮᠲᠦ ᠳ᠋ᠣᠺᠲ᠋ᠣᠷ᠃        ᠳᠤᠲᠠᠭᠳᠠᠵᠤ ᠪᠠᠶᠢᠭ᠎ᠠ ᠪᠠᠴᠢᠮ ᠬᠡᠷᠡᠭᠴᠡᠭᠡᠲᠦ ᠴᠢᠳᠠᠪᠤᠷᠢᠲᠠᠨ᠄ ︵1︶ ᠡᠮᠴᠢᠯᠡᠭᠡᠨ ᠤ ᠨᠢᠭᠡᠴᠢ ᠳᠤ ᠨᠡᠷ᠎ᠡ ᠮᠡᠳᠡᠭᠦᠯᠦᠭᠰᠡᠨ ᠬᠥᠮᠥᠰ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠭᠴᠢ ᠪᠣᠯᠬᠤ ᠮᠥᠷᠲᠡᠭᠡᠨ  ᠬᠠᠷᠠᠭᠠᠯᠵᠠᠭᠰᠠᠨ ᠡᠷᠳᠡᠮ ᠤᠨ ᠴᠣᠯᠠ ᠬᠦᠷᠲᠡᠬᠦ ᠵᠢᠴᠢ ᠲᠡᠭᠦᠨ ᠠᠴᠠ ᠳᠡᠭᠡᠭᠰᠢᠬᠢ ᠬᠥᠮᠥᠰ᠂ ᠡᠭᠦᠨ ᠤ ᠬᠠᠮᠲᠤ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠱᠠᠭᠠᠷᠳᠠᠯᠭ᠎ᠠ ᠪᠦᠬᠦᠢ ᠬᠢᠷᠢ ᠬᠡᠮ ᠤᠨ ᠦᠨᠡᠮᠯᠡᠯ᠂ ᠮᠡᠷᠭᠡᠵᠢᠯ ᠤᠨ ᠴᠣᠯᠠ ᠶᠢᠨ ᠦᠨᠡᠮᠯᠡᠯ ᠵᠡᠷᠭᠡ ᠶᠢ ᠡᠵᠡᠮᠰᠢᠭᠰᠡᠨ ᠪᠠᠶᠢᠬᠤ ᠬᠡᠷᠡᠭᠲᠡᠢ︔ ︵2︶ ᠰᠤᠷᠭᠠᠨ ᠬᠥᠮᠦᠵᠢᠯ ᠤᠨ ᠰᠢᠰᠲ᠋ᠧᠮ ᠳᠤ ᠨᠡᠷ᠎ᠡ ᠮᠡᠳᠡᠭᠦᠯᠦᠭᠰᠡᠨ ᠬᠦᠮᠦᠰ᠂ ᠱᠠᠨᠳᠦ᠋ᠩ ᠤᠨ ᠪᠠᠭᠰᠢ ᠶᠢᠨ ᠶᠡᠭᠡ ᠰᠤᠷᠭᠠᠭᠤᠯᠢ᠂ ᠹᠦᠵᠢᠶᠠᠨ ᠤ ᠪᠠᠭᠰᠢ ᠶᠢᠨ ᠶᠡᠭᠡ ᠰᠤᠷᠭᠠᠭᠤᠯᠢ᠂ ᠠᠨᠾᠦ᠋ᠢ ᠶᠢᠨ ᠪᠠᠭᠰᠢ ᠶᠢᠨ ᠶᠡᠭᠡ ᠰᠤᠷᠭᠠᠭᠤᠯᠢ᠂ ᠲᠢᠶᠠᠨᠵᠢᠨ ᠤ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠬᠠᠷᠪᠢᠨ ᠤ ᠪᠠᠭᠰᠢ ᠶᠢᠨ ᠶᠡᠭᠡ ᠰᠤᠷᠭᠠᠭᠤᠯᠢ᠂ ᠵᠧᠵᠢᠶᠠᠩ ᠤᠨ ᠪᠠᠭᠰᠢ ᠶᠢᠨ ᠶᠡᠭᠡ ᠰᠤᠷᠭᠠᠭᠤᠯᠢ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠵᠡᠷᠭᠡ 9 ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠲᠥᠷᠥᠯ ᠤᠨ ᠲᠤᠰᠬᠠᠶ ᠮᠡᠷᠭᠡᠵᠢᠯ ᠤᠨ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠡᠷᠳᠡᠮ ᠤᠨ ᠴᠣᠯᠠ ᠶᠢ ᠠᠭᠤᠵᠢᠭᠤ ᠲᠠᠯᠪᠢᠵᠤ ᠪᠣᠯᠤᠨ᠎ᠠ᠃        ᠬᠤᠶᠠᠳᠤᠭᠠᠷ ᠡᠷᠳᠡᠮ ᠤᠨ ᠴᠣᠯᠠ ᠪᠠᠷ ᠨᠡᠷ᠎ᠡ ᠮᠡᠳᠡᠭᠦᠯᠦᠨ ᠰᠢᠯᠭᠠᠭᠤᠯᠬᠤ ᠶᠢ ᠬᠦᠯᠢᠶᠡᠬᠦ ᠦᠭᠡᠢ᠂ ᠰᠤᠷᠤᠯᠴᠠᠵᠤ ᠪᠠᠶᠢᠭ᠎ᠠ ᠲᠤᠰ ᠬᠤᠭᠤᠴᠠᠭᠠᠨ ᠤ ᠪᠤᠰᠤ ᠲᠡᠭᠦᠰᠦᠭᠰᠡᠳ ᠨᠢᠭᠡᠨᠲᠡ ᠣᠯᠤᠭᠰᠠᠨ ᠰᠤᠷᠤᠯᠭ᠎ᠠ ᠶᠢᠨ ᠨᠠᠮᠲᠠᠷ ᠤᠨ ᠡᠷᠳᠡᠮ ᠤᠨ ᠴᠣᠯᠠ ᠪᠠᠷ ᠨᠡᠷ᠎ᠡ ᠮᠡᠳᠡᠭᠦᠯᠵᠦ ᠪᠣᠯᠬᠤ ᠦᠭᠡᠢ᠂ ᠲᠤᠰ ᠬᠤᠭᠤᠴᠠᠭᠠᠨ ᠤ ᠲᠡᠭᠦᠰᠦᠭᠰᠡᠳ ᠡᠷᠬᠡᠪᠰᠢ 2025 ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠤᠷᠤᠯᠭ᠎ᠠ ᠶᠢᠨ ᠨᠠᠮᠲᠠᠷ ᠤᠨ ᠡᠷᠳᠡᠮ ᠤᠨ ᠴᠣᠯᠠ ᠶᠢᠨ ᠦᠨᠡᠮᠯᠡᠯ ᠢᠶᠠᠨ ᠣᠯᠤᠭᠰᠠᠨ ᠪᠠᠶᠢᠬᠤ ᠬᠡᠷᠡᠭᠲᠡᠢ᠃ ᠤᠯᠤᠰ ︵ᠬᠢᠯᠢ︶ ᠤᠨ ᠭᠠᠳᠠᠨᠠᠬᠢ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠤᠯᠤᠰ ︵ᠬᠢᠯᠢ︶ ᠤᠨ ᠭᠠᠳᠠᠨᠠᠬᠢ ᠭᠠᠳᠠᠭᠠᠳᠤ ᠶᠢᠨ ᠰᠣᠷᠣᠭᠴᠢ ᠬᠡᠷᠪᠡ ᠲᠤᠰᠬᠠᠶ ᠮᠡᠷᠭᠡᠵᠢᠯ ᠤᠨ ᠨᠡᠷᠡᠶᠢᠳᠦᠯ ᠨᠢ ᠠᠵᠢᠯᠲᠠᠨ ᠡᠯᠰᠡᠬᠦ ᠲᠤᠰᠬᠠᠶ ᠮᠡᠷᠭᠡᠵᠢᠯ ᠲᠠᠢ ᠪᠦᠷᠢᠮᠦᠰᠦᠨ ᠨᠢᠭᠡᠳᠦᠯ ᠥᠬᠡᠶ ᠪᠠᠶᠢᠪᠠᠯ᠂ ᠡᠷᠬᠡᠪᠰᠢ ᠰᠣᠷᠣᠭᠰᠠᠨ ᠲᠤᠰᠬᠠᠶ ᠮᠡᠷᠭᠡᠵᠢᠯ ᠤᠨ ᠬᠢᠴᠢᠶᠡᠯ ᠤᠨ ᠬᠦᠰᠦᠨᠦᠭᠲᠦ᠂ ᠬᠢᠷᠢ ᠪᠦᠲᠦᠮᠵᠢ ᠶᠢᠨ ᠬᠠᠭᠤᠳᠠᠰᠤ ᠵᠡᠷᠭᠡ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠤᠨ ᠣᠭ ᠮᠠᠲ᠋ᠧᠷᠢᠶᠠᠯ ᠤᠨ ᠰᠢᠷᠪᠢᠯᠲᠡ ᠶᠢᠨ ᠮᠠᠲ᠋ᠧᠷᠢᠶᠠᠯ ᠵᠢᠴᠢ ᠬᠠᠭᠤᠯᠪᠤᠷᠢ ᠶᠢ ᠬᠠᠩᠭᠠᠬᠤ ᠬᠡᠷᠡᠭᠲᠡᠶ᠃        5. ᠨᠠᠰᠤ᠄ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ᠂ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠤᠷᠤᠭᠴᠢ ᠶᠢ ᠪᠦᠬᠦᠯᠢ 28 ᠨᠠᠰᠤ ︵1996 ᠣᠨ ᠤ 11 ᠳ᠋ᠦ᠋ᠭᠡᠷ ᠰᠠᠷ᠎ᠠ ᠶᠢᠨ 29 ᠤ ᠡᠳᠦᠷ ᠠᠴᠠ ᠰᠡᠭᠦᠯᠡᠷ ᠲᠥᠷᠥᠭᠰᠡᠨ︶︔ ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠰᠤᠷᠤᠯᠭ᠎ᠠ ᠶᠢᠨ ᠴᠣᠯᠠ ᠶᠢ 35 ᠪᠦᠬᠦᠯᠢ ᠨᠠᠰᠤ ︵1989 ᠣᠨ ᠤ 11 ᠳ᠋ᠦ᠋ᠭᠡᠷ ᠰᠠᠷ᠎ᠠ ᠶᠢᠨ 29 ᠤ ᠡᠳᠦᠷ ᠠᠴᠠ ᠰᠡᠭᠦᠯᠡᠷ ᠲᠥᠷᠥᠭᠰᠡᠨ︶︔ ᠪᠦᠬᠦᠯᠢ ᠡᠳᠦᠷ ᠤᠨ ᠳᠦᠷᠢᠮᠲᠦ ᠳ᠋ᠣᠺᠲ᠋ᠣᠷ ᠤᠨ ᠡᠷᠳᠡᠮ ᠤᠨ ᠴᠣᠯᠠ ᠣᠯᠤᠭᠰᠠᠨ ᠬᠥᠮᠦᠰ ᠢ 45 ᠨᠠᠰᠤ ︵1979 ᠣᠨ ᠤ 11 ᠳ᠋ᠦ᠋ᠭᠡᠷ ᠰᠠᠷ᠎ᠠ ᠶᠢᠨ 29 ᠤ ᠡᠳᠦᠷ ᠠᠴᠠ ᠰᠡᠭᠦᠯᠡᠷ ᠲᠥᠷᠥᠭᠰᠡᠨ︶ ᠪᠠᠶᠢᠯᠭᠠᠨ᠎ᠠ︔ ︵2︶ ᠡᠮᠴᠢᠯᠡᠭᠡᠨ ᠤ ᠲᠤᠰᠬᠠᠶ ᠮᠡᠷᠭᠡᠵᠢᠯ ᠤᠨ ᠰᠢᠯᠭᠠᠭᠤᠯᠤᠭᠴᠢ ᠶᠢᠨ ᠠᠵᠢᠯ ᠡᠷᠬᠢᠯᠡᠬᠦ ᠡᠮᠴᠢ ᠶᠢᠨ ᠦᠨᠡᠮᠯᠡᠯ᠂ ᠡᠮᠴᠢᠯᠡᠭᠡᠨ ᠤ ᠠᠵᠢᠯ ᠤᠨ ᠲᠤᠷᠰᠢᠯᠭ᠎ᠠ ᠵᠡᠷᠭᠡ ᠨᠥᠬᠦᠴᠡᠯ ᠢ ᠬᠠᠩᠭᠠᠬᠤ ᠴᠢᠬᠤᠯᠠᠲᠠᠢ ᠠᠴᠠ ᠪᠣᠯᠵᠤ ᠨᠠᠰᠤᠨ ᠤ ᠱᠠᠭᠠᠷᠳᠠᠯᠭ᠎ᠠ ᠶᠢ ᠵᠣᠬᠢᠰᠲᠠᠶ ᠪᠠᠷ ᠠᠭᠤᠵᠢᠭᠤ ᠲᠠᠯᠪᠢᠨ᠎ᠠ᠃ ᠡᠶᠢᠮᠦ ᠠᠴᠠ ᠡᠮᠴᠢᠯᠡᠭᠡᠨ ᠤ ᠨᠢᠭᠡᠴᠢ ᠶᠢᠨ ᠰᠢᠯᠭᠠᠭᠤᠯᠤᠭᠴᠢ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ᠂ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠤᠷᠤᠭᠴᠢ ᠶᠢ ᠪᠦᠬᠦᠯᠢ 35 ᠨᠠᠰᠤ ︵1989 ᠣᠨ ᠤ 11 ᠳ᠋ᠦ᠋ᠭᠡᠷ ᠰᠠᠷ᠎ᠠ ᠶᠢᠨ 29 ᠤ ᠡᠳᠦᠷ ᠠᠴᠠ ᠰᠡᠭᠦᠯᠡᠷ ᠲᠥᠷᠥᠭᠰᠡᠨ︶︔ ᠪᠦᠬᠦᠯᠢ ᠡᠳᠦᠷ ᠤᠨ ᠳᠦᠷᠢᠮᠲᠦ ᠠᠰᠫᠢᠷᠠᠨᠲ ᠢ ᠪᠦᠬᠦᠯᠢ 40 ᠨᠠᠰᠤ ︵1984 ᠣᠨ ᠤ 11 ᠳ᠋ᠦ᠋ᠭᠡᠷ ᠰᠠᠷ᠎ᠠ ᠶᠢᠨ 29 ᠤ ᠡᠳᠦᠷ ᠠᠴᠠ ᠰᠡᠭᠦᠯᠡᠷ ᠲᠥᠷᠥᠭᠰᠡᠨ︶︔ ᠪᠦᠬᠦᠯᠢ ᠡᠳᠦᠷ ᠤᠨ ᠳᠦᠷᠢᠮᠲᠦ ᠮᠠᠰᠲ᠋ᠧᠷ ᠢ ᠪᠦᠬᠦᠯᠢ ᠡᠳᠦᠷ ᠢᠶᠠᠷ ᠬᠢᠴᠢᠶᠡᠯᠯᠡᠬᠦ ︵1984 ᠣᠨ ᠤ 11 ᠳ᠋ᠦ᠋ᠭᠡᠷ ᠰᠠᠷ᠎ᠠ ᠶᠢᠨ 29 ᠤ ᠡᠳᠦᠷ ᠠᠴᠠ ᠰᠡᠭᠦᠯᠡᠷ ᠲᠥᠷᠥᠭᠰᠡᠨ︶︔ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠥᠭᠡᠳ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠣᠯᠣᠭᠰᠠᠨ ᠨᠠᠰᠤ ᠶᠢ ᠪᠦᠬᠦᠯᠢ 45 ᠨᠠᠰᠤ ︵1979 ᠣᠨ ᠤ 11 ᠳ᠋ᠦ᠋ᠭᠡᠷ ᠰᠠᠷ᠎ᠠ ᠶᠢᠨ 29 ᠤ ᠡᠳᠦᠷ ᠠᠴᠠ ᠰᠡᠭᠦᠯᠡᠷ ᠲᠥᠷᠥᠭᠰᠡᠨ︶ ᠪᠣᠯᠲᠠᠯ᠎ᠠ ᠠᠭᠤᠵᠢᠭᠤ ᠲᠠᠯᠪᠢᠨ᠎ᠠ᠃        6. ᠠᠵᠢᠯ ᠤᠨ ᠪᠠᠶᠢᠷᠢ ᠶᠢᠨ ᠬᠡᠷᠡᠭᠰᠡᠬᠦ ᠪᠤᠰᠤᠳ ᠨᠥᠬᠦᠴᠡᠯ  ᠄        ︵ᠬᠤᠶᠠᠷ︶ ᠳᠣᠣᠷᠠᠬᠢ ᠬᠥᠮᠦᠰ ᠰᠢᠯᠭᠠᠯᠲᠠ ᠳᠤ ᠨᠡᠷ᠎ᠡ ᠮᠡᠳᠡᠭᠦᠯᠵᠦ ᠪᠣᠯᠬᠤ ᠦᠭᠡᠢ᠄        1. ᠰᠤᠷᠤᠯᠴᠠᠵᠤ ᠪᠠᠶᠢᠭ᠎ᠠ ᠡᠩ ᠤᠨ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠤᠷᠤᠭᠴᠢ᠂ ᠰᠤᠳᠤᠯᠬᠤ ᠰᠤᠷᠤᠭᠴᠢ ︵ᠲᠤᠰ ᠬᠤᠭᠤᠴᠠᠭᠠᠨ ᠤ ᠲᠡᠭᠦᠰᠬᠦ ᠰᠤᠷᠤᠭᠴᠢᠳ ᠢ ᠪᠠᠭᠲᠠᠭᠠᠬᠤ ᠦᠭᠡᠶ︶᠃        2. ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠪᠡᠶ᠎ᠡ ᠪᠠᠨ ᠳᠠᠭᠠᠭᠠᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠠᠶᠢᠳᠠᠵᠤ ᠬᠥᠮᠦᠵᠢᠭᠦᠯᠬᠦ᠂ ᠬᠠᠨᠳᠤᠯᠭ᠎ᠠ ᠲᠠᠢ ᠬᠥᠮᠦᠵᠢᠭᠦᠯᠬᠦ ᠪᠠ ᠬᠤᠷᠰᠢᠯᠴᠠᠨ ᠰᠤᠷᠭᠠᠭᠤᠯᠢ ᠡᠷᠬᠢᠯᠡᠬᠦ ᠲᠡᠭᠦᠰᠦᠭᠰᠡᠳ ᠬᠢᠭᠡᠳ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠲᠡᠭᠦᠰᠦᠭᠰᠡᠳ᠃        3. ᠬᠤᠲᠠ ᠶᠢᠨ ᠳᠣᠲᠣᠷᠠᠬᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠣᠷᠣᠨ ᠲᠤᠭ᠎ᠠ ᠳᠤ ᠪᠠᠶᠢᠭ᠎ᠠ ᠬᠥᠮᠦᠰ᠃        4. ᠶᠠᠯ᠎ᠠ ᠬᠢᠭᠰᠡᠨ ᠠᠴᠠ ᠪᠣᠯᠵᠤ ᠡᠷᠡᠭᠦᠦ ᠶᠢᠨ ᠬᠡᠷᠡᠭ ᠢᠶᠠᠷ ᠰᠢᠢᠳᠬᠡᠭᠳᠡᠭᠰᠡᠨ ᠬᠥᠮᠦᠰ᠂ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠳ᠂ ᠬᠠᠤᠯᠢ ᠶᠣᠰᠣᠭᠠᠷ ᠢᠲᠡᠭᠡᠯ ᠠᠯᠳᠠᠵᠤ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠨᠡᠷᠡᠰ ᠲᠤ ᠣᠷᠤᠭᠤᠯᠤᠭᠰᠠᠨ ᠬᠥᠮᠦᠰ᠃        5. ᠠᠯᠪᠠᠲᠠᠨ ᠡᠯᠰᠡᠬᠦ ᠰᠢᠯᠭᠠᠯᠲᠠ ᠪᠤᠶᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠡᠯᠰᠡᠬᠦ ᠳᠤᠮᠳᠠ ᠭᠡᠮ ᠦᠢᠯᠡᠳᠬᠦ ᠵᠡᠷᠭᠡ ᠡᠯᠰᠡᠨ ᠬᠡᠷᠡᠭᠯᠡᠬᠦ ︵ᠤᠷᠢᠵᠤ ᠬᠡᠷᠡᠭᠯᠡᠬᠦ︶ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠪᠠᠷ ᠭᠡᠷᠡᠴᠢᠯᠡᠭᠳᠡᠭᠰᠡᠨ ᠤ ᠬᠠᠮᠲᠤ ᠰᠢᠯᠭᠠᠯᠲᠠ ᠬᠢᠬᠦ ᠶᠢ ᠴᠠᠭᠠᠵᠠᠯᠠᠭᠰᠠᠨ ᠬᠤᠭᠤᠴᠠᠭ᠎ᠠ ᠳᠣᠲᠣᠷᠠᠬᠢ ᠬᠥᠮᠦᠰ᠃        6. ᠠᠯᠪᠠ ᠬᠠᠭᠠᠵᠤ ᠪᠠᠶᠢᠭ᠎ᠠ ᠴᠡᠷᠢᠭ᠃        7. ᠣᠷᠣᠭᠤᠯᠤᠭᠰᠠᠨ ᠤ ᠳᠠᠷᠠᠭ᠎ᠠ ᠳᠠᠷᠤᠢ ᠵᠠᠶᠢᠯᠠᠬᠤ ᠬᠠᠷᠢᠴᠠᠭᠠᠨ ᠤ ᠠᠵᠢᠯ ᠤᠨ ᠪᠠᠶᠢᠷᠢ ᠶᠢ ᠪᠦᠷᠢᠯᠳᠦᠭᠦᠯᠦᠭᠰᠡᠨ ᠬᠦᠮᠦᠰ᠃        8 . ᠬᠠᠤᠯᠢ ᠴᠠᠭᠠᠵᠠ ᠬᠠᠤᠯᠢ ᠲᠣᠭᠲᠠᠭᠠᠯ ᠳᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤᠷᠢᠵᠤ ᠬᠡᠷᠡᠭᠯᠡᠵᠦ ᠪᠣᠯᠬᠤ ᠦᠭᠡᠢ ᠭᠡᠵᠦ ᠲᠣᠭᠲᠠᠭᠠᠭᠰᠠᠨ ᠪᠤᠰᠤᠳ ᠪᠠᠶᠢᠳᠠᠯ ᠲᠠᠢ ᠬᠦᠮᠦᠰ᠃        ᠭᠤᠷᠪᠠ᠂ ᠣᠷᠣᠭᠤᠯᠬᠤ ᠳᠡᠰ ᠳᠠᠷᠠᠭᠠᠯᠠᠯ        ︵ᠨᠢᠭᠡ︶ ᠰᠦᠯᠵᠢᠶ᠎ᠡ ᠪᠠᠷ ᠨᠡᠷ᠎ᠡ ᠮᠡᠳᠡᠭᠦᠯᠬᠦ        1. ᠨᠡᠷ᠎ᠡ ᠮᠡᠳᠡᠭᠦᠯᠬᠦ ᠠᠷᠭ᠎ᠠ᠄ ᠠᠵᠢᠯᠲᠠᠨ ᠨᠡᠷ᠎ᠡ ᠮᠡᠳᠡᠭᠦᠯᠬᠦ  ᠰᠢᠰᠲ᠋ᠧᠮ https://zk.sun-hrm.com/index/nindex/nindex/np=sgqrcyj ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠨᠡᠷ᠎ᠡ ᠮᠡᠳᠡᠭᠦᠯᠬᠦ ᠰᠢᠰᠲ᠋ᠧᠮ ᠤᠨ ᠱᠠᠭᠠᠷᠳᠠᠯᠭ᠎ᠠ ᠶᠣᠰᠣᠭᠠᠷ ᠮᠡᠳᠡᠭᠡ ᠵᠠᠩᠭᠢ ᠪᠠᠨ ᠦᠨᠡᠨ ᠮᠥᠨ ᠢᠶᠠᠷ ᠨᠢ ᠲᠠᠭᠯᠠᠨ ᠪᠢᠴᠢᠨ᠎ᠡ᠃ᠨᠡᠷ᠎ᠡ ᠮᠡᠳᠡᠭᠦᠯᠬᠦ ᠴᠠᠭ᠄ 2024 ᠣᠨ ᠤ 12 ᠳ᠋ᠤᠭᠠᠷ ᠰᠠᠷ᠎ᠠ ᠶᠢᠨ 2 ᠤᠨ ᠡᠳᠦᠷ ᠤᠨ         9᠄ 00-12 ᠳ᠋ᠤᠭᠠᠷ ᠰᠠᠷ᠎ᠠ ᠶᠢᠨ 10 ᠤ ᠡᠳᠦᠷ ᠤᠨ 17᠄ 00 ᠴᠠᠭ︔ ᠬᠢᠷᠢ ᠬᠡᠮ ᠢ ᠬᠢᠨᠠᠨ ᠪᠠᠶᠢᠴᠠᠭᠠᠬᠤ ᠴᠠᠭ ᠨᠢ 12 ᠳ᠋ᠤᠭᠠᠷ ᠰᠠᠷ᠎ᠠ ᠶᠢᠨ 11 ᠤ ᠡᠳᠦᠷ ᠤᠨ 17᠄ 00 ᠪᠣᠯᠤᠨ᠎ᠠ᠃        ᠰᠦᠯᠵᠢᠶᠡᠨ ᠤ ᠲᠦᠭᠵᠢᠷᠡᠯ ᠠᠴᠠ ᠵᠠᠶᠢᠯᠠᠰᠬᠢᠬᠦ ᠶᠢᠨ ᠲᠥᠯᠥᠭᠡ᠂ ᠨᠡᠷ᠎ᠡ ᠮᠡᠳᠡᠭᠦᠯᠦᠭᠰᠡᠨ ᠬᠥᠮᠦᠰ ᠠᠯᠢ ᠴᠢᠳᠠᠬᠤ ᠪᠠᠷ ᠡᠷᠲᠡᠬᠡᠨ ᠨᠡᠷ᠎ᠡ ᠮᠡᠳᠡᠭᠦᠯᠵᠦ᠂ ᠬᠢᠨᠠᠨ ᠬᠠᠷᠭᠤᠭᠤᠯᠤᠯᠲᠠ ᠶᠢ ᠳᠠᠮᠵᠢᠭᠰᠠᠨ ᠥᠬᠡᠶ ᠤ ᠲᠠᠷᠠᠭ᠎ᠠ ᠴᠠᠭ ᠤᠨ ᠰᠢᠯᠲᠠᠭᠠᠨ ᠠᠴᠠ ᠪᠣᠯᠵᠣ ᠮᠠᠲ᠋ᠧᠷᠢᠶᠠᠯ ᠨᠥᠬᠦᠪᠥᠷᠢᠯᠡᠬᠦ ᠶᠢᠨ ᠠᠷᠭ᠎ᠠ ᠥᠬᠡᠶ ᠪᠤᠶᠤ ᠪᠤᠰᠤᠳ ᠠᠵᠢᠯ ᠤᠨ ᠪᠠᠶᠢᠷᠢ ᠳᠤ ᠥᠭᠡᠷᠡᠴᠢᠯᠡᠨ ᠮᠡᠳᠡᠭᠦᠯᠬᠦ ᠠᠴᠠ ᠵᠠᠶᠢᠯᠠᠰᠬᠢᠨ᠎ᠠ᠃            2. ᠨᠡᠷ᠎ᠡ ᠮᠡᠳᠡᠭᠦᠯᠬᠦ ᠳᠤ ᠠᠩᠬᠠᠷᠬᠤ ᠵᠦᠢᠯᠡᠰ᠄        ︵1︶ ᠨᠡᠷ᠎ᠡ ᠮᠡᠳᠡᠭᠦᠯᠦᠭᠰᠡᠨ ᠬᠥᠮᠦᠰ ︽ᠠᠯᠪᠠᠨ ᠵᠠᠷ︾ ᠪᠠ ︽ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ︾ ᠳᠠᠬᠢ ᠬᠤᠯᠪᠣᠭᠳᠠᠯ ᠪᠥᠬᠦᠶ ᠨᠡᠷ᠎ᠡ ᠮᠡᠳᠡᠭᠦᠯᠬᠦ ᠱᠠᠭᠠᠷᠳᠠᠯᠭ᠎ᠠ ᠪᠠ ᠬᠢᠷᠢ ᠬᠡᠮ ᠤᠨ ᠨᠥᠬᠦᠴᠡᠯ ᠢ ᠬᠢᠨᠠᠮᠠᠭᠠᠶ ᠤᠩᠰᠢᠵᠤ᠂ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠡᠰᠡᠬᠦ ᠶᠢ ᠨᠠᠷᠢᠨ ᠨᠢᠮᠪᠠᠶ ᠢᠯᠭᠠᠨ ᠳᠣᠲᠣᠯᠠᠵᠤ᠂ ᠨᠡᠷ᠎ᠡ ᠮᠡᠳᠡᠭᠦᠯᠬᠦ ᠰᠢᠰᠲ᠋ᠧᠮ ᠤᠨ ᠱᠠᠭᠠᠷᠳᠠᠯᠭ᠎ᠠ ᠶᠣᠰᠣᠭᠠᠷ ᠮᠡᠳᠡᠭᠡ ᠵᠠᠩᠭᠢ ᠪᠠᠨ ᠦᠨᠡᠨ ᠪᠣᠳᠠᠲᠠᠶ ᠪᠠᠷ ᠲᠠᠭᠯᠠᠨ ᠪᠢᠴᠢᠬᠦ ᠬᠡᠷᠡᠭᠲᠡᠶ᠃ ᠨᠡᠷ᠎ᠡ ᠮᠡᠳᠡᠭᠦᠯᠬᠦ ᠳᠤ ᠣᠷᠣᠯᠴᠠᠭᠰᠠᠳ ᠡᠷᠬᠡᠪᠰᠢ ᠤᠷᠢᠳᠠᠪᠠᠷ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ︽ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ 2025 ᠣᠨ ᠤ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠬᠤ ᠬᠡᠷᠡᠭᠲᠡᠶ᠂ ᠡᠰᠡ ᠲᠡᠶᠢᠮᠦ ᠪᠣᠯ ᠨᠡᠷ᠎ᠡ ᠮᠡᠳᠡᠭᠦᠯᠬᠦ ᠶᠢ ᠬᠦᠯᠢᠶᠡᠬᠦ ᠥᠬᠡᠶ᠂ ᠨᠡᠷ᠎ᠡ ᠮᠡᠳᠡᠭᠦᠯᠦᠭᠰᠡᠨ ᠬᠥᠮᠦᠨ ᠨᠢᠭᠡᠪᠦᠷᠢ ᠨᠢᠭᠡ ᠠᠵᠢᠯ ᠤᠨ ᠪᠠᠶᠢᠷᠢ ᠳᠤ ᠬᠢᠵᠠᠭᠠᠷᠯᠠᠵᠦ ᠮᠡᠳᠡᠭᠦᠯᠦᠨ᠎ᠡ᠃        ︵2︶ ᠤᠷᠢᠭᠳᠠᠭᠰᠠᠳ ᠨᠢ ᠬᠤᠪᠢ ᠬᠥᠮᠦᠨ ᠤ ᠲᠣᠪᠴᠢ ᠨᠠᠮᠲᠠᠷ ᠢ ᠲᠠᠭᠯᠠᠬᠤ ᠦᠶ᠎ᠡ ᠳᠤ᠂ ᠶᠡᠭᠡ ᠰᠤᠷᠭᠠᠭᠤᠯᠢ ᠠᠴᠠ ᠣᠲᠣ ᠪᠣᠯᠲᠠᠯᠠᠬᠢ ᠪᠣᠶ ᠪᠥᠬᠦᠶ ᠥᠩᠭᠡᠷᠡᠯᠲᠡ ᠶᠢ ᠡᠷᠬᠡᠪᠰᠢ ᠪᠦᠷᠢᠨ ᠪᠦᠲᠦᠨ ᠢᠶᠠᠷ ᠲᠠᠭᠯᠠᠵᠤ᠂ ᠴᠠᠭ ᠮᠥᠴᠡ ᠶᠢ ᠲᠠᠰᠤᠯᠤᠭᠰᠠᠨ ᠪᠤᠶᠤ ᠬᠤᠭᠤᠰᠣᠨ ᠣᠷᠬᠢᠭᠰᠠᠨ ᠪᠠᠶᠢᠵᠤ ᠪᠣᠯᠬᠤ ᠦᠭᠡᠢ᠂ ᠱᠠᠭᠠᠷᠳᠠᠯᠭ᠎ᠠ ᠶᠣᠰᠣᠭᠠᠷ ᠲᠠᠭᠯᠠᠬᠤ ᠦᠭᠡᠢ ᠪᠤᠶᠤ ᠴᠠᠭ ᠬᠤᠭᠤᠴᠠᠭ᠎ᠠ ᠶᠢ ᠲᠠᠰᠤᠯᠤᠭᠰᠠᠨ ᠪᠣᠯ ᠬᠢᠨᠠᠨ ᠬᠠᠷᠭᠤᠭᠤᠯᠵᠤ ᠥᠩᠭᠡᠷᠡᠭᠦᠯᠬᠦ ᠦᠭᠡᠢ ᠪᠣᠯᠤᠨ᠎ᠠ᠃        ᠰᠤᠷᠤᠯᠴᠠᠭᠰᠠᠨ ᠥᠩᠭᠡᠷᠡᠯᠲᠡ᠄ ᠰᠤᠷᠭᠠᠭᠤᠯᠢ ︵ᠲᠤᠰᠬᠠᠶ ᠮᠡᠷᠭᠡᠵᠢᠯ ᠤᠨ ᠠᠩᠭᠢ᠂ ᠵᠢᠩᠬᠢᠨᠢ ᠠᠩᠭᠢ ᠪᠠ ᠠᠰᠫᠢᠷᠠᠨᠲ︶ ᠶᠢᠨ ᠡᠬᠢᠯᠡᠵᠦ ᠲᠡᠭᠦᠰᠦᠭᠰᠡᠨ ᠰᠠᠷ᠎ᠠ᠂ ᠰᠤᠷᠤᠯᠴᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ᠂ ᠳᠡᠭᠡᠳᠦ ᠰᠤᠷᠭᠠᠭᠤᠯᠢ ᠰᠠᠯᠪᠤᠷᠢ᠂ ᠲᠤᠰᠬᠠᠶ ᠮᠡᠷᠭᠡᠵᠢᠯ ᠪᠠ ᠡᠷᠳᠡᠮ ᠤᠨ ᠴᠣᠯᠠ ᠶᠢ ᠲᠠᠭᠯᠠᠨ᠎ᠠ᠃        ᠠᠵᠢᠯ ᠤᠨ ᠲᠣᠪᠴᠢ ᠨᠠᠮᠲᠠᠷ᠄ ᠨᠡᠷ᠎ᠡ ᠮᠡᠳᠡᠭᠦᠯᠵᠦ ᠡᠬᠢᠯᠡᠭᠰᠡᠨ ᠡᠳᠦᠷ ᠠᠴᠠ ᠡᠮᠦᠨᠡᠬᠢ ᠠᠵᠢᠯ ᠤᠨ ᠥᠩᠭᠡᠷᠡᠯᠲᠡ ᠪᠣᠯᠲᠠᠯ᠎ᠠ᠂ ᠠᠵᠢᠯ ᠤᠨ ᠦᠩᠭᠡᠷᠡᠭᠡᠯᠳᠡ ᠶᠢ ᠲᠠᠭᠯᠠᠬᠤ ᠬᠡᠷᠡᠭᠲᠡᠢ᠃ ᠠᠵᠢᠯ ᠣᠯᠤᠭᠠᠳᠤᠶ ᠬᠤᠭᠤᠴᠠᠭᠠᠨ ᠳᠠᠬᠢ ᠥᠩᠭᠡᠷᠡᠯᠲᠡ ᠶᠢ ᠲᠠᠭᠯᠠᠵᠤ᠂ ᠠᠵᠢᠯ ᠬᠦᠯᠢᠶᠡᠵᠦ ᠪᠠᠶᠢᠭ᠎ᠠ ᠣᠨ ᠵᠢᠯ ᠢ ᠲᠠᠭᠯᠠᠨ ᠪᠢᠴᠢᠬᠦ ᠶᠢᠨ ᠬᠠᠮᠲᠤ ︽ᠠᠵᠢᠯᠯᠠᠬᠤ ᠪᠠᠷ ᠬᠦᠯᠢᠶᠡᠵᠦ ᠪᠠᠶᠢᠨ᠎ᠠ︾ ᠭᠡᠵᠦ ᠲᠣᠳᠣᠷᠬᠠᠶᠢᠯᠠᠨ᠎ᠠ᠃ ᠬᠤᠲᠠ ᠶᠢᠨ ᠭᠠᠳᠠᠨᠠᠬᠢ ᠠᠯᠪᠠᠲᠠᠨ ︵ᠠᠯᠪᠠᠨ ᠶᠠᠪᠤᠳᠠᠯ ᠳᠤ ᠣᠷᠣᠯᠴᠠᠭᠰᠠᠳ︶ ᠪᠤᠶᠤ ᠨᠢᠭᠡᠨᠲᠡ ᠠᠵᠢᠯ ᠦᠢᠯᠡᠰ ᠤᠨ ᠨᠢᠭᠡᠴᠢ ᠶᠢᠨ ᠣᠷᠣᠨ ᠲᠤᠭ᠎ᠠ ᠳᠤ ᠤᠷᠢᠨ ᠬᠡᠷᠡᠭᠯᠡᠭᠰᠡᠨ ᠳᠤ ︽ᠨᠢᠭᠡᠨᠲᠡ ᠲᠤᠷᠰᠢᠨ ᠬᠡᠷᠡᠭᠯᠡᠬᠦ ᠬᠤᠭᠤᠴᠠᠭ᠎ᠠ ᠪᠤᠶᠤ ᠬᠠᠮᠤᠭ ᠤᠨ ᠳᠣᠤᠷ᠎ᠠ ᠦᠢᠯᠡᠴᠢᠯᠡᠭᠡᠨ ᠤ ᠵᠢᠯ ᠬᠤᠭᠤᠴᠠᠭ᠎ᠠ︾ ᠪᠠᠶᠢᠬᠤ ᠡᠰᠡᠬᠦ ᠶᠢ ᠲᠣᠳᠣᠷᠬᠠᠶᠢᠯᠠᠬᠤ ᠬᠡᠷᠡᠭᠲᠡᠶ᠃        ︵3︶ ︽ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ︾ ᠳᠤ ᠱᠠᠭᠠᠷᠳᠠᠭᠰᠠᠨ ᠲᠤᠰᠬᠠᠶ ᠮᠡᠷᠭᠡᠵᠢᠯ ᠤᠨ ᠲᠥᠷᠥᠯ ᠢᠯᠭᠠᠯ ᠪᠤᠶᠤ ᠲᠤᠰᠬᠠᠶ ᠮᠡᠷᠭᠡᠵᠢᠯ ᠵᠡᠷᠭᠡ ᠶᠢ ᠭᠤᠤᠯᠳᠠᠭᠤ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠰᠢᠨᠵᠢᠯᠡᠭᠡᠨ ᠤ ᠲᠤᠰᠬᠠᠶ ᠮᠡᠷᠭᠡᠵᠢᠯ ᠤᠨ ᠭᠠᠷᠴᠠᠭ ᠵᠡᠷᠭᠡ ᠪᠠᠷ ᠯᠠᠪᠯᠠᠯᠲᠠ ᠪᠣᠯᠭᠠᠵᠤ ᠳᠤᠷᠠᠳᠤᠨ ᠭᠠᠷᠭᠠᠨ᠎ᠠ᠃ ᠤᠷᠢᠭᠳᠠᠬᠤ ᠬᠥᠮᠦᠰ ᠨᠡᠷ᠎ᠡ ᠮᠡᠳᠡᠭᠦᠯᠬᠦ ᠳᠡᠭᠡᠨ ᠲᠤᠰ ᠬᠥᠮᠦᠨ ᠤ ᠰᠤᠷᠭᠠᠭᠤᠯᠢ ᠲᠡᠭᠦᠰᠦᠭᠰᠡᠨ ᠦᠨᠡᠮᠯᠡᠯ ᠳᠡᠭᠡᠷᠡᠬᠢ ᠲᠤᠰᠬᠠᠶ ᠮᠡᠷᠭᠡᠵᠢᠯ ᠤᠨ ᠨᠡᠷᠡᠶᠢᠳᠦᠯ ᠢᠶᠠᠨ ᠦᠨᠡᠨ ᠪᠣᠳᠠᠲᠠᠶ ᠪᠠᠷ ᠲᠠᠭᠯᠠᠬᠤ ᠬᠡᠷᠡᠭᠲᠡᠶ᠃ ᠣᠲᠣ ᠶᠢᠨ ᠬᠡᠷᠡᠭᠵᠢᠭᠦᠯᠵᠦ ᠪᠠᠶᠢᠭ᠎ᠠ ᠲᠤᠰᠬᠠᠶ ᠮᠡᠷᠭᠡᠵᠢᠯ ᠤᠨ ᠭᠠᠷᠴᠠᠭ ᠲᠤ ᠪᠦᠷᠢᠮᠦᠰᠦᠨ ᠬᠠᠮᠤᠷᠤᠭ᠎ᠠ ᠥᠬᠡᠶ ᠵᠠᠷᠢᠮ ᠶᠡᠭᠡ ᠳᠡᠭᠡᠳᠦ ᠰᠤᠷᠭᠠᠭᠤᠯᠢ ᠶᠢᠨ ᠥᠪᠡᠰᠦᠪᠡᠨ ᠪᠠᠶᠢᠭᠤᠯᠤᠭᠰᠠᠨ ᠲᠤᠰᠬᠠᠶ ᠮᠡᠷᠭᠡᠵᠢᠯ᠂ ᠰᠢᠨ᠎ᠡ ᠪᠠᠷ ᠬᠥᠭᠵᠢᠭᠰᠡᠨ ᠰᠢᠨᠵᠢᠯᠡᠭᠡᠨ ᠤ ᠰᠠᠯᠠᠭ᠎ᠠ᠂ ᠤᠯᠤᠰ ᠤᠨ ᠭᠠᠳᠠᠭᠠᠳᠤ ᠶᠢᠨ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠵᠡᠷᠭᠡ ᠳᠤ ᠤᠷᠢᠭᠳᠠᠭᠰᠠᠳ ᠲᠤ ᠬᠢᠴᠢᠶᠡᠯ ᠤᠨ ᠬᠦᠰᠦᠨᠦᠭ᠂ ᠬᠢᠷᠢ ᠪᠦᠲᠦᠮᠵᠢ ᠶᠢᠨ ᠬᠠᠭᠤᠳᠠᠰᠤ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠦᠨᠡᠨ ᠪᠣᠳᠠᠲᠠᠶ ᠪᠠᠷ ᠬᠠᠩᠭᠠᠨ᠎ᠠ᠃         ︵ᠬᠤᠶᠠᠷ︶ ᠬᠢᠷᠢ ᠭᠡᠮ ᠢ ᠬᠢᠨᠠᠨ ᠪᠠᠶᠢᠴᠠᠭᠠᠬᠤ        ᠨᠡᠷ᠎ᠡ ᠮᠡᠳᠡᠭᠦᠯᠭᠦ ᠬᠤᠭᠤᠴᠠᠭᠠᠨ ᠳᠤ ᠲᠣᠣᠷᠠᠬᠢ ᠮᠡᠲ᠋ᠧᠷᠢᠶᠡᠯ ᠢ ᠱᠠᠭᠠᠷᠳᠠᠯᠭ᠎ᠠ ᠶᠣᠰᠣᠭᠠᠷ ᠨᠡᠷ᠎ᠡ ᠮᠡᠳᠡᠭᠦᠯᠭᠦ ᠰᠢᠰᠲ᠋ᠧᠮ ᠳᠤ ᠭᠦᠷᠭᠡᠭᠦ ᠬᠡᠷᠩᠳᠠᠢ᠄        1. ᠱᠠᠭᠠᠷᠳᠠᠯᠭ᠎ᠠ ᠶᠣᠰᠣᠭᠠᠷ ︽ᠨᠡᠷ᠎ᠡ ᠮᠡᠳᠡᠭᠦᠯᠬᠦ ᠳᠠᠩᠰᠠᠯᠠᠯ ᠤᠨ ᠬᠦᠰᠦᠨᠦᠭᠲᠦ︾ ᠶᠢᠨ ᠮᠡᠳᠡᠭᠡ ᠵᠠᠩᠭᠢ ᠶᠢ ᠲᠠᠭᠯᠠᠨ ᠪᠢᠴᠢᠬᠦ ᠶᠢᠨ ᠬᠠᠮᠲᠤ ᠲᠣᠰ ᠬᠥᠮᠥᠨ ᠤ ᠣᠶᠢᠷ᠎ᠠ ᠶᠢᠨ ᠬᠤᠭᠤᠴᠠᠭᠠᠨ ᠤ ᠵᠥᠪ ᠲᠠᠯ᠎ᠠ ᠶᠢᠨ 1 ᠢᠮᠠᠬᠤ ᠬᠥᠬᠡ ᠲᠡᠪᠢᠰᠭᠡᠷᠲᠦ ᠲᠣᠭᠠᠴᠢᠯᠠᠭᠰᠠᠨ ᠪᠤᠳᠤᠭᠲᠤ ᠭᠡᠷᠡᠯ ᠵᠢᠷᠤᠭ ︵jpg ᠬᠡᠯᠪᠡᠷᠢ ᠶᠢᠨ᠂ ᠶᠡᠭᠡ ᠪᠠᠭ᠎ᠠ ᠨᠢ 20kb︶᠃        2. ᠰᠢᠯᠭᠠᠭᠤᠯᠤᠭᠴᠢ ᠲᠣᠰ ᠬᠥᠮᠥᠨ ᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ︵ᠪᠤᠶᠤ ᠲᠦᠷ ᠴᠠᠭ ᠤᠨ ᠪᠡᠶ᠎ᠡ ᠶᠢᠨ ᠦᠨᠡᠮᠯᠡᠯ᠂ ᠨᠡᠶᠢᠭᠡᠮ ᠤᠨ ᠳᠠᠭᠠᠳᠬᠠᠯ ᠤᠨ ᠺᠠᠷᠲ᠂ ᠫᠠᠰᠫᠣᠷᠲ ᠵᠡᠷᠭᠡ ᠬᠦᠴᠦᠨ ᠪᠦᠬᠦᠢ ᠦᠨᠡᠮᠯᠡᠯ︶ ᠤᠨ ᠤᠭ ᠰᠢᠷᠪᠢᠯᠲᠡ ᠶᠢᠨ ᠮᠠᠲ᠋ᠧᠷᠢᠶᠠᠯ ︵ᠵᠥᠪ ᠪᠤᠷᠤᠭᠤ ᠲᠠᠯ᠎ᠠ ᠶᠢ ᠨᠢ ᠴᠥᠮ ᠳᠡᠭᠡᠭᠰᠢ ᠳᠠᠮᠵᠢᠭᠤᠯᠤᠨ᠎ᠠ︶᠃        3. ᠰᠢᠯᠭᠠᠭᠤᠯᠤᠭᠴᠢ ᠶᠢᠨ ᠲᠤᠰ ᠬᠥᠮᠥᠨ ᠤ ᠡᠷᠦᠬᠡ ᠠᠮᠠ ᠶᠢᠨ ᠳᠡᠪᠲᠡᠷ ︵ᠲᠡᠷᠢᠭᠦᠨ ᠬᠠᠭᠤᠳᠠᠰᠤ᠂ ᠡᠷᠦᠬᠡ ᠶᠢᠨ ᠭᠤᠣᠯ ᠬᠠᠭᠤᠳᠠᠰᠤ᠂ ᠬᠤᠪᠢ ᠬᠥᠮᠥᠨ ᠤ ᠬᠠᠭᠤᠳᠠᠰᠤ︶ ᠶᠢᠨ ᠤᠤᠯ ᠪᠢᠴᠢᠭ ᠮᠠᠲ᠋ᠧᠷᠢᠶᠠᠯ ᠤᠨ ᠰᠢᠷᠪᠢᠯᠲᠡ ᠶᠢᠨ ᠵᠦᠢᠯ ᠪᠣᠯᠣᠨ᠎ᠠ᠃        4. ᠲᠡᠭᠦᠰᠬᠦ ᠦᠨᠡᠮᠯᠡᠯ ᠪᠠ ᠰᠤᠷᠤᠯᠭ᠎ᠠ ᠶᠢᠨ ᠪᠠᠶᠢᠷᠢ ᠶᠢᠨ ᠦᠨᠡᠮᠯᠡᠯ ᠤᠨ ᠡᠬᠡ ᠪᠢᠴᠢᠭ ᠤᠨ ᠰᠢᠷᠪᠢᠯᠲᠡ ᠶᠢᠨ ᠮᠠᠲ᠋ᠧᠷᠢᠶᠠᠯ ︵ᠵᠢᠩᠬᠢᠨᠢ ᠠᠩᠭᠢ ᠶᠢᠨ ᠱᠠᠲᠤ ᠪᠠ ᠠᠰᠫᠢᠷᠠᠨᠲ ᠤᠨ ᠱᠠᠲᠤ ᠪᠠᠭᠲᠠᠨ᠎ᠠ︶᠃ 2025 ᠣᠨ ᠳᠤ ᠲᠤᠰ ᠵᠢᠯ ᠲᠡᠭᠦᠰᠦᠭᠰᠡᠳ ᠲᠡᠭᠦᠰᠬᠦ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠣᠯᠭᠤᠭᠰᠠᠨ ᠦᠭᠡᠢ ᠪᠣᠯ᠂ ᠳᠡᠭᠡᠳᠦ ᠰᠤᠷᠭᠠᠭᠤᠯᠢ ︵ᠰᠠᠯᠪᠤᠷᠢ︶ ᠪᠠ ᠬᠢᠴᠢᠶᠡᠯ ᠬᠥᠮᠥᠵᠢᠯ ᠤᠨ ᠭᠠᠵᠠᠷ ︵ᠰᠤᠳᠤᠯᠬᠤ ᠰᠤᠷᠤᠭᠴᠢ ᠶᠢᠨ ᠳᠡᠭᠡᠳᠦ ᠰᠤᠷᠭᠠᠭᠤᠯᠢ᠂ ᠭᠠᠵᠠᠷ︶ ᠤᠨ ᠠᠯᠪᠠᠨ ᠲᠠᠮᠠᠭ᠎ᠠ ᠶᠢ ᠳᠠᠷᠤᠭᠰᠠᠨ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠭᠡᠷᠡᠴᠢ ᠪᠠ ᠤᠭ ᠵᠦᠢᠯ ᠢ ᠰᠢᠷᠪᠢᠯᠲᠡ ᠶᠢᠨ ᠮᠠᠲ᠋ᠧᠷᠢᠶᠠᠯ᠂ ᠰᠤᠷᠭᠠᠨ ᠬᠥᠮᠥᠵᠢᠯ ᠤᠨ ᠶᠠᠮᠤᠨ ᠤ ᠰᠤᠷᠭᠠᠭᠤᠯᠢ ᠶᠢᠨ ᠬᠠᠷᠢᠶᠠᠯᠠᠯ ᠢ ᠰᠦᠯᠵᠢᠶᠡᠨ ᠳᠡᠭᠡᠷ᠎ᠡ ᠰᠢᠯᠭᠠᠨ ᠪᠠᠲᠤᠯᠠᠭᠰᠠᠨ ᠮᠡᠳᠡᠭᠦᠯᠦᠯᠲᠡ ᠶᠢ ᠬᠠᠩᠭᠠᠬᠤ ᠬᠡᠷᠡᠭᠲᠡᠢ         5. ᠣᠶᠢᠷ᠎ᠠ ᠶᠢᠨ ᠬᠤᠭᠤᠴᠠᠭᠠᠨ ᠳᠤ ᠳᠠᠷᠤᠮᠠᠯᠯᠠᠭᠰᠠᠨ ᠬᠦᠴᠦᠨ ᠪᠥᠬᠦᠶ ᠬᠤᠭᠤᠴᠠᠭᠠᠨ ᠳᠠᠬᠢ ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠭᠤᠯᠤᠯᠲᠠ ᠶᠢᠨ ᠬᠦᠰᠦᠨᠦᠭᠲᠦ ᠪᠤᠶᠤ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ ᠵᠢᠴᠢ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠣᠷᠣᠭᠴᠢ ᠶᠢᠨ ᠮᠡᠳᠡᠭᠡ ᠵᠠᠩᠭᠢ ᠶᠢᠨ  ᠰᠦᠯᠵᠢᠶᠡᠨ ᠲᠡᠭᠡᠷᠡᠬᠢ ᠭᠡᠷᠡᠴᠢᠯᠡᠨ ᠮᠡᠳᠡᠭᠦᠯᠦᠯᠳᠡ ︵ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠰᠤᠷᠤᠭᠴᠢᠳ ᠤᠨ ᠮᠡᠳᠡᠭᠡ ᠵᠠᠩᠭᠢ ᠶᠢᠨ ᠰᠦᠯᠵᠢᠶ᠎ᠡ http://www.chsi.com.cn ᠪᠠᠭᠤᠯᠭᠠᠵᠤ ᠳᠠᠷᠤᠮᠠᠯᠯᠠᠬᠤ︶᠃        6. ᠭᠠᠳᠠᠭᠠᠳᠤ ᠳᠤ ᠰᠤᠷᠤᠯᠴᠠᠭᠰᠠᠳ ᠡᠷᠬᠡᠪᠰᠢ ︽ᠠᠯᠪᠠᠨ ᠵᠠᠷ︾ ᠪᠠ ︽ᠠᠵᠢᠯ ᠤᠨ ᠪᠠᠶᠢᠷᠢ ᠶᠢᠨ ᠬᠡᠷᠡᠭᠴᠡᠭᠡ ᠶᠢᠨ ᠬᠦᠰᠦᠨᠦᠭᠲᠦ︾ ᠳᠤ ᠲᠣᠭᠲᠠᠭᠠᠭᠰᠠᠨ ᠮᠠᠲ᠋ᠧᠷᠢᠶᠠᠯ ᠢ ᠬᠠᠩᠭᠠᠬᠤ ᠠᠴᠠ ᠭᠠᠳᠠᠨ᠎ᠠ᠂ ᠪᠠᠰᠠ ᠰᠤᠷᠭᠠᠨ ᠬᠥᠮᠥᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠭᠰᠠᠳ ᠤᠨ ᠦᠢᠯᠡᠴᠢᠯᠡᠭᠡᠨ ᠤ ᠲᠥᠪ ᠠᠴᠠ ᠭᠠᠷᠭᠠᠭᠰᠠᠨ ᠭᠠᠳᠠᠭᠠᠳᠤ ᠶᠢᠨ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠭᠡᠷᠡᠴᠢᠯᠡᠭᠡ ᠶᠢᠨ ᠪᠢᠴᠢᠭ ︵ᠵᠢᠩᠬᠢᠨᠢ ᠠᠩᠭᠢ ᠶᠢᠨ ᠱᠠᠲᠤ ᠦᠶ᠎ᠡ ᠪᠠ ᠠᠰᠫᠢᠷᠠᠨᠲ ᠤᠨ ᠱᠠᠲᠤ ᠦᠶ᠎ᠡ ᠪᠠᠭᠲᠠᠨ᠎ᠠ︶ ᠢ ᠬᠠᠩᠭᠠᠬᠤ ᠬᠡᠷᠡᠭᠲᠡᠢ᠃        7. ᠲᠤᠰᠬᠠᠶ ᠮᠡᠷᠭᠡᠵᠢᠯ ᠤᠨ ᠬᠢᠷᠢ ᠭᠡᠮ ᠤᠨ ᠦᠨᠡᠮᠯᠡᠯ᠂ ᠠᠵᠢᠯ ᠡᠷᠬᠢᠯᠡᠬᠦ ᠦᠨᠡᠮᠯᠡᠯ᠂ ᠳᠠᠳᠤᠯᠭ᠎ᠠ ᠬᠢᠬᠦ ᠭᠡᠷᠡᠴᠢ ᠵᠡᠷᠭᠡ ᠠᠵᠢᠯ ᠤᠨ ᠪᠠᠶᠢᠷᠢ ᠶᠢᠨ ᠨᠥᠬᠦᠴᠡᠯ ᠤᠨ ᠱᠠᠭᠠᠷᠳᠠᠯᠭ᠎ᠠ ᠶᠢᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ᠃        8. ᠣᠷᠣᠭᠤᠯᠤᠨ ᠠᠪᠴᠢᠷᠠᠬᠤ ᠨᠥᠬᠦᠴᠡᠯ ᠳᠤ ᠨᠡᠶᠢᠴᠡᠬᠦ ᠬᠥᠮᠦᠰ ᠪᠤᠭᠤᠲᠤ ᠬᠤᠲᠠ ᠶᠢᠨ ᠭᠠᠳᠠᠨᠠᠬᠢ ᠪᠠᠶᠢᠭᠤᠯᠭ᠎ᠠ ᠪᠤᠶᠤ ᠠᠵᠢᠯ ᠦᠢᠯᠡᠰ ᠤᠨ ᠨᠢᠭᠡᠴᠢ ᠶᠢᠨ ᠣᠷᠣᠨ ᠲᠤᠭ᠎ᠠ ᠳᠤ ᠪᠠᠶᠢᠭ᠎ᠠ ᠠᠵᠢᠯᠲᠠᠨ᠂ ᠠᠵᠤ ᠠᠬᠤᠶᠢᠯᠠᠯ ᠤᠨ ᠠᠵᠢᠯᠲᠠᠨ ᠳᠤ ᠬᠠᠷᠢᠶᠠᠯᠠᠭᠳᠠᠬᠤ ᠮᠥᠷᠲᠡᠭᠡᠨ ᠬᠥᠳᠡᠯᠮᠦᠷᠢ ᠶᠢᠨ ᠭᠡᠷ᠎ᠡ ᠪᠤᠶᠤ ᠬᠥᠳᠡᠯᠮᠦᠷᠢ ᠦᠢᠯᠡᠴᠢᠯᠡᠭᠡ ᠲᠣᠮᠢᠯᠠᠬᠤ ᠭᠡᠷ᠎ᠡ ᠲᠣᠭᠲᠠᠬᠤ ᠠᠵᠢᠯᠲᠠᠨ ᠪᠠᠶᠢᠪᠠᠯ᠂ ᠨᠢᠭᠡᠴᠢ ᠪᠠ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠮᠡᠳᠡᠭᠦᠯᠦᠨ ᠰᠢᠯᠭᠠᠭᠤᠯᠬᠤ ᠶᠢ ᠵᠥᠪᠰᠢᠶᠡᠷᠡᠭᠰᠡᠨ ᠰᠠᠨᠠᠯ ᠭᠠᠷᠭᠠᠵᠤ᠂ ᠲᠤᠷᠰᠢᠨ ᠬᠡᠷᠡᠭᠯᠡᠬᠦ ᠬᠤᠭᠤᠴᠠᠭᠠᠨ ᠳᠤ ᠪᠠ ᠬᠠᠮᠤᠭ ᠤᠨ ᠳᠣᠣᠷ᠎ᠠ ᠦᠢᠯᠡᠴᠢᠯᠡᠭᠡᠨ ᠤ ᠬᠤᠭᠤᠴᠠᠭᠠᠨ ᠳᠤ ᠪᠠᠶᠢᠬᠤ ᠡᠰᠡᠬᠦ ᠶᠢ ᠲᠣᠳᠣᠷᠬᠠᠶᠢᠯᠠᠬᠤ ᠶᠢᠨ ᠬᠠᠮᠲᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠭᠠᠷ ᠤᠨ ᠦᠰᠦᠭ ᠵᠢᠷᠤᠵᠤ ᠵᠥᠪᠰᠢᠶᠡᠷᠡᠬᠦ ᠶᠢᠨ ᠬᠠᠮᠲᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠨ᠎ᠠ᠃        9. ᠨᠡᠷ᠎ᠡ ᠮᠡᠳᠡᠭᠦᠯᠦᠭᠰᠡᠨ ᠬᠥᠮᠦᠰ ᠨᠡᠷ᠎ᠡ ᠮᠡᠳᠡᠭᠦᠯᠬᠦ ᠳᠡᠭᠡᠨ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠠᠯᠪᠠᠨ ᠵᠠᠷ ᠢ ᠨᠠᠷᠢᠨ ᠬᠢᠨᠠᠮᠠᠭᠠᠶ ᠤᠩᠰᠢᠵᠤ᠂ ᠬᠤᠪᠢ ᠬᠥᠮᠦᠨ ᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠡᠰᠡᠬᠦ ᠶᠢ ᠨᠠᠷᠢᠨ ᠨᠢᠮᠪᠠᠶ ᠢᠯᠭᠠᠨ ᠲᠠᠨᠢᠬᠤ ᠬᠡᠷᠡᠭᠲᠡᠶ︔ ᠨᠡᠷ᠎ᠡ ᠮᠡᠳᠡᠭᠦᠯᠦᠭᠴᠢ ᠨᠢ ᠡᠷᠬᠡᠪᠰᠢ ᠲᠤᠰᠢᠶᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ᠂ ᠪᠦᠲᠦᠮᠵᠢᠲᠦ ᠴᠢᠨᠠᠷ ᠲᠤ ᠬᠠᠷᠢᠭᠤᠴᠠᠵᠤ᠂ ᠲᠤᠰᠢᠶᠠᠭᠰᠠᠨ ᠮᠠᠲ᠋ᠧᠷᠢᠶᠠᠯ ᠨᠢ ᠦᠨᠡᠨ ᠪᠣᠳᠠᠲᠠᠶ ᠪᠤᠰᠤ᠂ ᠣᠨᠣᠪᠴᠢᠲᠠᠶ ᠪᠤᠰᠤ᠂ ᠪᠦᠷᠢᠨ ᠪᠤᠰᠤ ᠰᠢᠯᠲᠠᠭᠠᠨ ᠠᠴᠠ ᠪᠣᠯᠵᠤ ᠨᠡᠷ᠎ᠡ ᠮᠡᠳᠡᠭᠦᠯᠬᠦ᠂ ᠤᠷᠢᠨ ᠬᠡᠷᠡᠭᠯᠡᠬᠦ ᠶᠢ ᠨᠥᠯᠥᠭᠡᠯᠡᠭᠰᠡᠨ ᠪᠠᠶᠢᠪᠠᠯ᠂ ᠨᠡᠷ᠎ᠡ ᠮᠡᠳᠡᠭᠦᠯᠬᠦ ᠦᠶ᠎ᠡ ᠳᠤ ᠦᠯᠡᠳᠡᠭᠡᠭᠰᠡᠨ ᠳ᠋ᠢᠶᠠᠩᠬᠤᠸᠠ ᠶᠢᠨ ᠨᠣᠮᠧᠷ ᠨᠢ ᠡᠯᠰᠡᠨ ᠠᠪᠬᠤ ᠬᠤᠭᠤᠴᠠᠭᠠᠨ ᠳᠤ ᠲᠣᠰ ᠬᠥᠮᠦᠨ ᠤ ᠤᠷᠢᠨ ᠬᠡᠷᠡᠭᠯᠡᠬᠦ ᠶᠢ ᠨᠥᠯᠥᠭᠡᠯᠡᠬᠦ ᠶᠢᠨ ᠠᠷᠭ᠎ᠠ ᠥᠬᠡᠶ ᠪᠤᠶᠤ ᠦᠯᠡᠳᠡᠭᠡᠭᠰᠡᠨ ᠨᠣᠮᠧᠷ ᠨᠢ ᠪᠤᠷᠤᠭᠤ ᠠᠴᠠ ᠪᠣᠯᠵᠣ ᠲᠣᠰ ᠬᠥᠮᠦᠨ ᠤ ᠤᠷᠢᠨ ᠬᠡᠷᠡᠭᠯᠡᠬᠦ ᠶᠢ ᠨᠥᠯᠥᠭᠡᠯᠡᠭᠰᠡᠨ ᠪᠠᠶᠢᠪᠠᠯ᠂ ᠬᠠᠷᠢᠭᠤᠴᠠᠯᠭ᠎ᠠ ᠶᠢᠨ ᠥᠪᠡᠷ ᠢ ᠪᠠᠨ ᠬᠠᠷᠢᠭᠤᠴᠠᠬᠤ ᠬᠡᠷᠡᠭᠲᠡᠶ᠃ ᠨᠡᠷ᠎ᠡ ᠮᠡᠳᠡᠭᠦᠯᠦᠭᠴᠢ ᠬᠡᠷᠪᠡ ᠲᠡᠭᠦᠰᠬᠦ ᠦᠨᠡᠮᠯᠡᠯ ᠳᠡᠭᠡᠷᠡᠬᠢ ᠲᠤᠰᠬᠠᠶ ᠮᠡᠷᠭᠡᠵᠢᠯ ᠤᠨ ᠶᠣᠰᠣᠭᠠᠷ ᠦᠨᠡᠨ ᠪᠣᠳᠠᠲᠠᠶ ᠪᠠᠷ ᠨᠡᠷ᠎ᠡ ᠮᠡᠳᠡᠭᠦᠯᠵᠦ᠂ ᠲᠤᠰᠬᠠᠶ ᠮᠡᠷᠭᠡᠵᠢᠯ ᠢᠶᠠᠨ ᠦᠨᠡᠨ ᠪᠣᠳᠠᠲᠠᠶ ᠪᠠᠷ ᠲᠠᠭᠯᠠᠨ ᠪᠢᠴᠢᠭᠰᠡᠨ ᠦᠭᠡᠶ ᠪᠣᠯ᠂ ᠨᠡᠷ᠎ᠡ ᠮᠡᠳᠡᠭᠦᠯᠬᠦ ᠪᠠ ᠬᠢᠷᠢ ᠭᠡᠮ ᠢ ᠬᠢᠨᠠᠨ ᠪᠠᠶᠢᠴᠠᠭᠠᠬᠤ ᠭᠤᠭᠴᠤᠭ᠎ᠠ ᠳᠤ ᠬᠢᠨᠠᠨ ᠬᠠᠷᠭᠤᠭᠤᠯᠵᠤ ᠪᠠᠲᠤᠯᠠᠬᠤ ᠦᠭᠡᠶ᠃ ᠨᠡᠷ᠎ᠡ ᠮᠡᠳᠡᠭᠦᠯᠬᠦ ᠦᠶ᠎ᠡ ᠳᠤ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠨᠢ ᠪᠠᠶᠢᠭ᠎ᠠ ᠦᠨᠡᠮᠯᠡᠯ ᠲᠠᠢ ᠪᠠᠨ ᠨᠡᠶᠢᠴᠡᠬᠦ ᠦᠭᠡᠢ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠪᠤᠶᠤ ᠬᠤᠪᠢ ᠬᠥᠮᠦᠨ ᠤ ᠰᠢᠯᠲᠠᠭᠠᠨ ᠠᠴᠠ ᠪᠣᠯᠵᠤ ᠮᠡᠳᠡᠭᠡ ᠵᠠᠩᠭᠢ ᠶᠢ ᠪᠤᠷᠤᠭᠤ ᠲᠠᠭᠯᠠᠭᠰᠠᠨ ᠪᠣᠯ᠂ ᠨᠢᠭᠤᠷᠲᠠᠨ ᠰᠢᠯᠭᠠᠬᠤ ᠬᠢᠷᠢ ᠬᠡᠮ ᠢ ᠨᠢ ᠴᠥᠮ ᠬᠦᠴᠦᠨ ᠦᠭᠡᠢ ᠪᠣᠯᠭᠠᠬᠤ ᠶᠢᠨ ᠬᠠᠮᠲᠤ ᠠᠯᠢᠪᠠ ᠬᠠᠷᠢᠭᠤᠴᠠᠯᠭ᠎ᠠ ᠶᠢ ᠨᠡᠷ᠎ᠡ ᠮᠡᠳᠡᠭᠦᠯᠦᠭᠰᠡᠨ ᠬᠥᠮᠥᠨ ᠲᠤᠰ ᠬᠥᠮᠦᠨ ᠨᠢ ᠬᠠᠷᠢᠭᠤᠴᠠᠨ᠎ᠠ᠃ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠤ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠣᠷᠣᠭᠤᠯᠤᠨ ᠠᠪᠴᠢᠷᠠᠬᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠶᠠᠮᠠᠷᠪᠠ ᠱᠠᠲᠤ ᠦᠶ᠎ᠡ ᠵᠢᠴᠢ ᠡᠯᠰᠡᠨ ᠬᠡᠷᠡᠭᠯᠡᠭᠰᠡᠨ ᠤ ᠳᠠᠷᠠᠭ᠎ᠠ ᠨᠥᠬᠦᠴᠡᠯ ᠨᠢ ᠨᠡᠶᠢᠴᠡᠬᠦ ᠦᠭᠡᠢ ᠪᠤᠶᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠢ ᠣᠯᠵᠤ ᠮᠡᠳᠡᠪᠡᠯ ᠴᠥᠮ ᠬᠢᠷᠢ ᠬᠡᠮ ᠢ ᠨᠢ ᠬᠠᠰᠤᠵᠤ᠂ ᠠᠯᠢᠪᠠ ᠬᠠᠷᠢᠭᠤᠴᠠᠯᠭ᠎ᠠ ᠶᠢ ᠨᠡᠷ᠎ᠡ ᠮᠡᠳᠡᠭᠦᠯᠦᠭᠰᠡᠨ ᠬᠥᠮᠦᠨ ᠲᠤᠰ ᠬᠥᠮᠦᠨ ᠨᠢ ᠡᠭᠦᠷᠭᠡᠯᠡᠨ᠎ᠡ        ᠮᠡᠳᠡᠭᠦᠯᠦᠨ ᠰᠢᠯᠭᠠᠭᠤᠯᠬᠤ ᠬᠠᠷᠢᠴᠠᠯ ᠨᠢ 3᠄ 1 ︵ᠬᠢᠷᠢ ᠭᠡᠮ ᠤᠨ ᠬᠢᠨᠠᠨ ᠪᠠᠶᠢᠴᠠᠭᠠᠭᠰᠠᠨ ᠬᠥᠮᠦᠨ ᠤ ᠲᠤᠭ᠎ᠠ / ᠲᠤᠰ ᠠᠵᠢᠯ ᠤᠨ ᠪᠠᠶᠢᠷᠢ ᠶᠢᠨ ᠣᠷᠣᠭᠤᠯᠵᠤ ᠢᠷᠡᠬᠦ ᠪᠠᠷ ᠪᠠᠶᠢᠭ᠎ᠠ ᠬᠥᠮᠦᠨ ᠤ ᠲᠤᠭ᠎ᠠ︶ ᠠᠴᠠ ᠳᠣᠤᠷ᠎ᠠ ᠠᠵᠢᠯ ᠤᠨ ᠪᠠᠶᠢᠷᠢ  ᠶᠢ ᠬᠢᠨᠠᠨ ᠬᠠᠰᠤᠬᠤ ᠪᠤᠶᠤ ᠬᠦᠴᠦᠨ ᠦᠭᠡᠶ ᠪᠣᠯᠭᠠᠬᠤ ᠬᠡᠷᠡᠭᠲᠡᠶ᠃ ᠰᠢᠯᠭᠠᠯᠳᠠ ᠡᠬᠢᠯᠡᠬᠦ ᠬᠠᠷᠢᠴᠠᠯ ᠠᠴᠠ ᠲᠣᠣᠷ᠎ᠠ ᠪᠠᠶᠢᠵᠦ ᠨᠢᠭᠤᠷᠳᠡᠨ ᠰᠢᠯᠭᠠᠬᠤ ᠭᠤᠬᠴᠤᠭ᠎ᠠ ᠳᠤ ᠣᠷᠣᠬᠤ ᠠᠵᠢᠯ ᠤᠨ ᠪᠠᠶᠢᠷᠢ ᠶᠢ ᠦᠨᠡᠨ ᠬᠦ ᠴᠢᠬᠤᠯᠴᠢᠯᠠᠵᠦ᠂ ᠰᠢᠭᠤᠶᠢᠳᠦ ᠲᠤᠭᠤᠷᠢᠭ ᠤᠨ ᠠᠵᠢᠯ ᠦᠢᠯᠡᠰ ᠤᠨ ᠨᠢᠭᠡᠴᠢ ᠶᠢᠨ ᠴᠢᠳᠡᠪᠦᠷᠢᠳᠡᠨ ᠢ ᠣᠷᠢᠨ ᠣᠷᠣᠭᠤᠯᠬᠤ ᠠᠵᠢᠯ ᠤᠨ ᠣᠳᠣᠷᠢᠳᠬᠤ ᠲᠤᠭᠤᠶᠢᠯᠡᠩ ᠢᠶᠠᠷ ᠰᠣᠳᠣᠯᠥᠨ ᠲᠣᠠᠠᠳᠠᠭᠠᠠᠠᠰᠠᠨ ᠤ ᠳᠡᠷᠠᠭ᠎ᠠ ᠲᠣᠬᠢᠷᠡᠭᠤᠯᠵᠦ ᠪᠤᠯᠥᠨ᠎ᠠ᠂ ᠲᠣᠬᠢᠷᠡᠭᠤᠯᠥᠠᠠᠰᠠᠨ ᠤ ᠳᠡᠷᠠᠭ᠎ᠠ ᠨᠡᠷ᠎ᠡ ᠮᠡᠳᠡᠬᠦᠯᠬᠦ ᠬᠠᠷᠢᠴᠡᠯ ᠢ 2᠄ 1 ᠠᠴᠠ ᠲᠣᠣᠷ᠎ᠠ ᠪᠠᠶᠢᠯᠭᠠᠵᠤ ᠪᠤᠯᠬᠤ ᠦᠭᠡᠢ᠃        ︵ᠭᠤᠷᠪᠠ︶ ᠨᠢᠭᠤᠷᠳᠠᠨ ᠰᠢᠯᠭᠠᠬᠤ        1 . ᠪᠣᠳᠠᠲᠠᠶ ᠪᠠᠷ ᠲᠤᠬᠠᠶ ᠶᠢᠨ ᠲᠠᠯᠠᠪᠤᠷ ᠲᠤ ᠬᠦᠷᠴᠦ ᠨᠢᠭᠤᠷᠲᠠᠨ ᠰᠢᠯᠭᠠᠬᠤ ᠳᠤ ᠣᠷᠣᠯᠴᠠᠭᠰᠠᠨ ᠬᠥᠮᠦᠨ ᠤ ᠲᠤᠭ᠎ᠠ ᠨᠢ 2᠄ 1 ᠪᠠᠶᠢᠪᠠᠯ ︵ᠨᠢᠭᠤᠷᠲᠠᠨ ᠰᠢᠯᠭᠠᠬᠤ ᠳᠤ ᠣᠷᠣᠯᠴᠠᠭᠰᠠᠨ ᠬᠥᠮᠦᠨ ᠤ ᠲᠤᠭ᠎ᠠ / ᠲᠣᠰ ᠠᠵᠢᠯ ᠤᠨ ᠪᠠᠶᠢᠷᠢ ᠶᠢᠨ ᠣᠷᠣᠭᠤᠯᠤᠨ ᠠᠪᠬᠤ ᠪᠠᠷ ᠪᠠᠶᠢᠭ᠎ᠠ ᠬᠥᠮᠦᠨ ᠤ ᠲᠤᠭ᠎ᠠ︶ ᠶᠢᠨ ᠠᠵᠢᠯ ᠤᠨ ᠪᠠᠶᠢᠷᠢ ᠳᠤ ᠬᠠᠮᠤᠭ ᠤᠨ ᠳᠣᠤᠷ᠎ᠠ ᠬᠤᠪᠢ ᠶᠢᠨ ᠱᠤᠭᠤᠮ ᠢ 70 ᠬᠤᠪᠢ ︵70 ᠶᠢ ᠪᠠᠭᠲᠠᠭᠠᠨ᠎ᠠ︶᠂ ᠰᠢᠯᠭᠠᠭᠤᠯᠤᠭᠴᠢ ᠶᠢᠨ ᠨᠢᠭᠤᠷᠲᠠᠨ ᠰᠢᠯᠭᠠᠭᠰᠠᠨ ᠬᠢᠷᠢ ᠪᠦᠲᠦᠮᠵᠢ ᠨᠢ ᠬᠠᠮᠤᠭ ᠤᠨ ᠳᠣᠤᠷ᠎ᠠ ᠬᠤᠪᠢ ᠶᠢᠨ ᠱᠤᠭᠤᠮ ᠢ 70 ᠬᠤᠪᠢ ︵70 ᠶᠢ ᠪᠠᠭᠲᠠᠭᠠᠨ᠎ᠠ︶ ᠪᠠᠷ ᠲᠣᠭᠲᠠᠭᠠᠵᠤ᠂ ᠰᠢᠯᠭᠠᠭᠤᠯᠤᠭᠴᠢ ᠶᠢᠨ ᠨᠢᠭᠤᠷᠲᠠᠨ ᠰᠢᠯᠭᠠᠭᠰᠠᠨ ᠬᠢᠷᠢ ᠪᠦᠲᠦᠮᠵᠢ ᠨᠢ ᠬᠠᠮᠤᠭ ᠤᠨ ᠳᠣᠤᠷ᠎ᠠ ᠬᠤᠪᠢ ᠶᠢᠨ ᠱᠤᠭᠤᠮ ᠢ 70 ᠬᠤᠪᠢ ︵70 ᠶᠢ ᠪᠠᠭᠲᠠᠭᠠᠨ᠎ᠠ︶ ᠪᠠᠷ ᠦᠵᠡᠵᠦ ᠪᠣᠯᠤᠨ᠎ᠠ᠃        ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ 20 ᠬᠥᠮᠦᠨ ᠠᠴᠠ ᠬᠡᠲᠦᠷᠡᠭᠰᠡᠨ ᠠᠵᠢᠯ ᠤᠨ ᠪᠠᠶᠢᠷᠢ ᠳᠤ ᠪᠢᠷ ᠤᠨ ᠰᠢᠯᠭᠠᠯᠲᠠ ᠶᠢᠨ ᠭᠤᠭᠴᠤᠭ᠎ᠠ ᠶᠢ ᠨᠡᠮᠡᠭᠳᠡᠭᠦᠯᠵᠦ ᠪᠣᠯᠤᠨ᠎ᠠ᠃ ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠨᠢᠭᠤᠷᠲᠠᠨ ᠰᠢᠯᠭᠠᠬᠤ ᠳᠤ ᠣᠷᠣᠯᠴᠠᠭᠰᠠᠨ ᠬᠥᠮᠦᠨ ᠤ ᠲᠤᠭ᠎ᠠ ᠬᠢᠭᠡᠳ ᠡᠯ᠎ᠡ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠲᠥᠯᠥᠪᠯᠡᠭᠡ ᠶᠢᠨ ᠲᠤᠭ᠎ᠠ 3᠄ 1 ᠶᠢᠨ ᠬᠠᠷᠢᠴᠠᠯ ᠢᠶᠠᠷ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠥᠨᠳᠥᠷ ᠠᠴᠠ ᠳᠣᠤᠷ᠎ᠠ ᠲᠠᠰ ᠳᠠᠷᠠᠭᠠᠯᠠᠯ ᠲᠠᠢ ᠪᠠᠷ ᠨᠢᠭᠤᠷᠲᠠᠨ ᠰᠢᠯᠭᠠᠬᠤ ᠭᠤᠭᠴᠤᠭ᠎ᠠ ᠳᠤ ᠣᠷᠣᠭᠤᠯᠬᠤ ᠪᠠᠷ ᠪᠠᠶᠢᠭ᠎ᠠ ᠵᠢᠱᠢᠭᠳᠡᠭᠴᠢ ᠶᠢ ᠲᠣᠭᠲᠠᠭᠠᠵᠤ᠂ ᠬᠢᠷᠢ ᠪᠦᠲᠦᠮᠵᠢ ᠲᠡᠩᠴᠡᠭᠰᠡᠨ ᠦᠭᠡᠢ ᠰᠢᠯᠭᠠᠭᠤᠯᠤᠭᠴᠢ  ᠶᠢ ᠪᠦᠬᠦᠨ ᠢ ᠨᠢᠭᠤᠷᠲᠠᠨ ᠰᠢᠯᠭᠠᠯᠲᠠ ᠳᠤ ᠣᠷᠣᠭᠤᠯᠤᠨ᠎ᠠ᠃          ᠲᠣᠭᠤᠷᠢᠭ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠰᠢᠯᠭᠠᠯᠳᠠ ᠨᠢ ᠨᠢᠭᠤᠷᠳᠠᠨ ᠰᠢᠯᠭᠠᠯᠳᠠ ᠶᠢ ᠪᠦᠷᠢᠯᠳᠦᠬᠦᠯᠦᠨ ᠨᠢᠭᠤᠷᠳᠠᠨ ᠰᠢᠯᠭᠠᠬᠤ ᠠᠷᠭ᠎ᠠ ᠪᠠᠷ ᠬᠢᠵᠤ᠂ ᠪᠠᠭᠰᠢ ᠶᠢᠨ ᠠᠵᠢᠯ ᠤᠨ ᠪᠠᠶᠢᠷᠢ ᠶᠢᠨ ᠰᠢᠯᠭᠠᠯᠳᠠ ᠳᠤ ᠶᠡᠷᠦᠩᠬᠡᠢ ᠬᠡᠪ ᠴᠢᠨᠠᠷ ᠤᠨ ᠰᠢᠯᠭᠠᠯᠳᠠ ᠪᠠ ᠰᠢᠯᠭᠠᠯᠳᠠ ᠬᠢᠬᠦ ᠶᠢ ᠪᠠᠭᠳᠠᠭᠠᠨ᠎ᠠ᠃ ᠨᠢᠭᠤᠷᠳᠠᠨ ᠰᠢᠯᠭᠠᠬᠤ ᠪᠦᠷᠢᠨ ᠬᠤᠪᠢ ᠨᠢ 100 ᠬᠤᠪᠢ᠃        ᠨᠢᠭᠤᠷᠳᠠᠨ ᠰᠢᠯᠭᠠᠬᠤ ᠴᠠᠭ᠂ ᠭᠠᠵᠠᠷ᠂ ᠠᠪᠴᠤ ᠶᠠᠪᠤᠬᠤ ᠬᠡᠷᠡᠭᠲᠡᠢ ᠭᠡᠷᠡᠴᠢ ᠲᠡᠮᠳᠡᠭ ᠵᠢᠴᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠠᠰ ᠲᠤᠨᠢ ᠮᠡᠳᠡᠭᠳᠡᠨ᠎ᠡ᠃        2.ᠨᠢᠭᠤᠷᠳᠠᠨ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠨᠢᠭᠤᠷᠳᠠᠨ ᠰᠢᠯᠭᠠᠯᠲᠠ ᠶᠢᠨ ᠬᠢᠷᠢ ᠪᠦᠲᠦᠮᠵᠢ ᠶᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ᠂ ᠰᠢᠭᠤᠶᠢᠲᠤ ᠬᠤᠰᠢᠭᠤᠴᠢ ᠲᠣᠭᠤᠷᠢᠭ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠳᠡᠭᠡᠷ᠎ᠡ ᠨᠡᠶᠢᠲᠡᠯᠡᠵᠦ᠂ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢ ᠥᠨᠳᠥᠷ ᠠᠴᠠ ᠳᠣᠤᠷ᠎ᠠ ᠲᠠᠰ ᠳᠠᠷᠠᠭᠠᠯᠠᠯ ᠲᠠᠢ ᠵᠡᠷᠭᠡ ᠲᠤᠭ᠎ᠠ ᠶᠣᠰᠣᠭᠠᠷ ᠪᠡᠶ᠎ᠡ ᠶᠢᠨ ᠪᠠᠶᠢᠴᠠᠭᠠᠯᠲᠠ ᠪᠠ ᠰᠢᠨᠵᠢᠯᠡᠨ ᠪᠠᠶᠢᠴᠠᠭᠠᠬᠤ ᠭᠤᠭᠴᠤᠭ᠎ᠠ ᠳᠤ ᠣᠷᠣᠭᠰᠠᠨ ᠵᠢᠱᠢᠭᠳᠡᠭᠴᠢ ᠶᠢ ᠲᠣᠭᠲᠠᠭᠠᠵᠤ᠂ ᠬᠢᠷᠢ ᠪᠦᠲᠦᠮᠵᠢ ᠲᠡᠩᠴᠡᠭᠰᠡᠨ ᠪᠠᠶᠢᠪᠠᠯ᠂  ᠰᠢᠯᠭᠠᠯᠳᠠ ᠵᠣᠬᠢᠶᠠᠨ ᠪᠠᠶᠢᠭᠤᠯᠵᠤ ᠨᠡᠮᠡᠨ ᠰᠢᠯᠭᠠᠨ᠎ᠠ᠃        ︵ᠲᠦᠷᠪᠡ︶ ᠪᠡᠶ᠎ᠡ ᠶᠢᠨ ᠪᠠᠶᠢᠴᠠᠭᠠᠯᠲᠠ ᠪᠠ ᠰᠢᠨᠵᠢᠯᠡᠨ ᠪᠠᠶᠢᠴᠠᠭᠠᠯᠲᠠ        1 . ᠨᠢᠭᠤᠷᠳᠠᠬᠤ ᠰᠢᠯᠭᠠᠯᠲᠠ ᠶᠢᠨ ᠬᠢᠷᠢ ᠪᠦᠲᠦᠮᠵᠢ ᠶᠢ ᠥᠨᠳᠥᠷ ᠠᠴᠠ ᠳᠣᠤᠷ᠎ᠠ ᠳᠡᠰ ᠳᠠᠷᠠᠭᠠᠯᠠᠯ ᠪᠠ ᠠᠵᠢᠯ ᠤᠨ ᠪᠠᠶᠢᠷᠢ ᠵᠡᠷᠭᠡ ᠲᠤᠭ᠎ᠠ ᠪᠠᠷ ᠪᠡᠶ᠎ᠡ ᠶᠢᠨ ᠪᠠᠶᠢᠴᠠᠭᠠᠯᠲᠠ ᠶᠢᠨ ᠬᠡᠪᠴᠢᠶᠡᠨ ᠳᠤ ᠣᠷᠣᠬᠤ ᠵᠢᠱᠢᠭᠳᠡᠭᠰᠡᠳ ᠢ ᠲᠣᠭᠲᠠᠭᠠᠨ᠎ᠠ᠃        2. ᠪᠡᠶ᠎ᠡ ᠶᠢᠨ ᠪᠠᠶᠢᠴᠠᠭᠠᠯᠲᠠ ᠶᠢ ᠡᠮᠴᠢᠯᠡᠭᠡᠨ ᠤ ᠪᠠᠶᠢᠭᠤᠯᠤᠮᠵᠢ ᠳᠤ ᠶᠠᠪᠤᠭᠳᠠᠭᠤᠯᠵᠤ᠂ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠤᠯᠤᠰ ᠤᠨ ᠲᠦᠷᠦ ᠶᠢᠨ ᠠᠯᠪᠠᠲᠠᠨ ᠤ ᠲᠣᠪᠴᠢᠶ᠎ᠠ ᠶᠢᠨ ︿ᠠᠯᠪᠠᠲᠠᠨ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠨᠡᠶᠢᠳᠡᠮ ᠬᠡᠷᠡᠭᠯᠡᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶﹀ ᠵᠢᠴᠢ ︿ᠠᠯᠪᠠᠲᠠᠨ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠬᠤ ᠭᠠᠷ ᠳᠡᠪᠲᠡᠷ ︵ᠲᠤᠷᠰᠢᠨ ᠬᠡᠷᠡᠭᠵᠢᠭᠦᠯᠬᠦ︶︶ ᠤᠨ ᠬᠤᠯᠪᠣᠭᠳᠠᠯ ᠪᠦᠬᠦᠢ ᠠᠭᠤᠯᠭ᠎ᠠ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠲᠤᠬᠠᠶ ᠮᠡᠳᠡᠭᠳᠡᠯ︾ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ︹2016︺ 140 ᠳ᠋ᠦ᠋ᠭᠡᠷ ᠲᠣᠭᠠᠲᠤ︶ ᠵᠡᠷᠭᠡ ᠲᠣᠭᠲᠠᠭᠠᠯ ᠪᠠ ᠱᠠᠭᠠᠷᠳᠠᠯᠭ᠎ᠠ ᠪᠠᠷ ᠯᠠᠪᠯᠠᠯᠲᠠ ᠪᠣᠯᠭᠠᠨ᠎ᠠ᠃ ᠲᠣᠭᠲᠠᠭᠰᠠᠨ ᠴᠠᠭ᠂ ᠭᠠᠵᠠᠷ ᠣᠷᠣᠨ ᠳᠤ ᠪᠡᠶ᠎ᠡ ᠶᠢᠨ ᠪᠠᠶᠢᠴᠠᠭᠠᠯᠲᠠ ᠬᠢᠭᠰᠡᠨ ᠦᠭᠡᠶ ᠪᠣᠯ ᠠᠶᠠᠨᠳᠠᠭᠠᠨ ᠲᠠᠶᠠᠭᠳᠠᠭᠰᠠᠨ ᠢᠶᠠᠷ ᠦᠵᠡᠨ᠎ᠡ᠃ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠶ ᠪᠤᠶᠤ ᠪᠡᠶ᠎ᠡ ᠶᠢᠨ ᠪᠠᠶᠢᠴᠠᠭᠠᠯᠲᠠ ᠶᠢᠨ ᠳᠤᠮᠳᠠ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠦᠨᠡᠨ ᠪᠣᠳᠠᠲᠠᠶ ᠪᠠᠶᠢᠳᠠᠯ ᠢᠶᠠᠨ ᠨᠢᠭᠤᠨ ᠳᠠᠯᠳᠠᠯᠠᠭᠰᠠᠨ ᠬᠥᠮᠦᠰ ᠢ ᠡᠯᠰᠡᠨ ᠬᠡᠷᠡᠭᠯᠡᠬᠦ ᠬᠢᠷᠢ ᠭᠡᠮ ᠢ ᠨᠢ ᠬᠦᠴᠦᠨ ᠦᠭᠡᠶ ᠪᠣᠯᠭᠠᠨ᠎ᠠ᠃ ᠲᠣᠭᠲᠠᠭᠠᠯ ᠶᠣᠰᠣᠭᠠᠷ ᠳᠠᠬᠢᠨ ᠪᠠᠶᠢᠴᠠᠭᠠᠬᠤ ᠴᠢᠬᠤᠯᠠᠲᠠᠶ ᠪᠣᠯ ᠪᠤᠰᠤᠳ ᠡᠮᠨᠡᠯᠭᠡ ᠶᠢᠨ ᠬᠤᠷᠢᠶᠠᠨ ᠳᠤ ᠵᠣᠬᠢᠶᠠᠨ ᠪᠠᠶᠢᠭᠤᠯᠤᠨ ᠳᠠᠬᠢᠨ ᠪᠠᠶᠢᠴᠠᠭᠠᠯᠭᠠᠵᠤ᠂ ᠳᠠᠬᠢᠨ ᠪᠠᠶᠢᠴᠠᠭᠠᠭᠰᠠᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ᠎ᠠ᠃ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠰᠢᠨᠵᠢᠯᠡᠨ ᠪᠠᠶᠢᠴᠠᠭᠠᠬᠤ ᠭᠤᠭᠴᠤᠭᠠᠨ ᠳᠤ ᠣᠷᠤᠨ᠎ᠠ᠃ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠰᠠᠨ ᠥᠬᠡᠶ ᠪᠤᠶᠤ ᠬᠢᠷᠢ ᠲᠡᠩᠴᠡᠭᠦ ᠥᠬᠡᠶ ᠠᠴᠠ ᠪᠣᠯᠵᠣ ᠬᠤᠭᠤᠰᠣᠨ ᠣᠷᠣᠨ ᠲᠤᠭ᠎ᠠ ᠭᠠᠷᠤᠭᠰᠠᠨ ᠪᠠᠶᠢᠳᠠᠯ ᠳᠤ᠂ ᠨᠡᠷ᠎ᠡ ᠮᠡᠳᠡᠭᠦᠯᠦᠭᠰᠡᠨ ᠠᠵᠢᠯ ᠤᠨ ᠪᠠᠶᠢᠷᠢ ᠶᠢᠨ ᠨᠢᠭᠤᠷᠲᠠᠨ ᠰᠢᠯᠭᠠᠭᠰᠠᠨ ᠬᠢᠷᠢ ᠪᠦᠲᠦᠮᠵᠢ ᠪᠠᠷ ᠥᠨᠳᠥᠷ ᠠᠴᠠ ᠳᠣᠤᠷ᠎ᠠ ᠳᠡᠰ ᠢᠶᠠᠷ ᠳᠠᠷᠠᠭᠠᠯᠠᠨ ᠨᠥᠬᠦᠵᠦ ︵ᠬᠢᠷᠢ ᠪᠦᠲᠦᠮᠵᠢ ᠢᠯᠡᠷᠡᠭᠰᠡᠨ ᠪᠣᠯ ᠵᠣᠬᠢᠶᠠᠨ ᠪᠠᠶᠢᠭᠤᠯᠵᠤ ᠰᠢᠯᠭᠠᠭᠤᠯᠤᠨ᠎ᠠ︶᠂ ᠵᠥᠪᠬᠡᠨ ᠨᠢᠭᠡ ᠤᠳᠠᠭ᠎ᠠ ᠨᠥᠬᠦᠪᠦᠷᠢᠯᠡᠵᠦ᠂ ᠰᠢᠯᠭᠠᠭᠤᠯᠤᠭᠴᠢ ᠨᠥᠬᠦᠵᠦ ᠬᠢᠬᠦ ᠪᠡᠶ᠎ᠡ ᠶᠢᠨ ᠪᠠᠶᠢᠴᠠᠭᠠᠯᠲᠠ ᠬᠢᠬᠦ ᠮᠡᠳᠡᠭᠳᠡᠯ ᠢ ᠣᠯᠤᠭᠰᠠᠨ ᠤ ᠳᠠᠷᠠᠭ᠎ᠠ ᠲᠣᠭᠲᠠᠭᠰᠠᠨ ᠴᠠᠭ ᠲᠤ ᠪᠡᠶ᠎ᠡ ᠶᠢᠨ ᠪᠠᠶᠢᠴᠠᠭᠠᠯᠲᠠ ᠪᠠᠨ ᠬᠢᠯᠭᠡᠨ᠎ᠡ᠂ ᠲᠡᠶᠢᠮᠦ ᠪᠢᠰᠢ ᠪᠣᠯ ᠪᠡᠶ᠎ᠡ ᠶᠢᠨ ᠪᠠᠶᠢᠴᠠᠭᠠᠯᠲᠠ ᠶᠢᠨ ᠬᠢᠷᠢ ᠬᠡᠮ ᠢ ᠨᠢ ᠬᠠᠰᠤᠨ᠎ᠠ᠃ ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠠᠭᠤᠰᠤᠭᠰᠠᠨ ᠤ ᠳᠠᠷᠠᠭ᠎ᠠ ᠰᠢᠨᠵᠢᠯᠡᠨ ᠪᠠᠶᠢᠴᠠᠭᠠᠯᠳᠠ ᠳᠤ ᠣᠷᠣᠬᠤ ᠬᠦᠮᠦᠨ ᠢ ᠲᠣᠭᠳᠠᠭᠠᠨ᠎ᠠ᠃        3. ᠰᠢᠨᠵᠢᠯᠡᠨ ᠪᠠᠶᠢᠴᠠᠭᠠᠬᠤ ᠠᠵᠢᠯ ᠢ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ︵ᠲᠤᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ︶᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠤᠷᠢᠬᠤ ᠨᠢᠭᠡᠴᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠤᠷᠢᠬᠤ ᠨᠢᠭᠡᠴᠢ ᠲᠠᠢ ᠤᠶᠠᠯᠳᠤᠭᠤᠯᠵᠤ᠂ ᠠᠵᠢᠯᠲᠠᠨ ᠲᠠᠲᠠᠵᠤ ᠰᠢᠨᠵᠢᠯᠡᠨ ᠪᠠᠶᠢᠴᠠᠭᠠᠬᠤ ᠳᠤᠭᠤᠶᠢᠯᠠᠩ ᠪᠦᠷᠢᠯᠳᠦᠭᠦᠯᠵᠦ ᠪᠣᠳᠠᠲᠠᠶ ᠬᠡᠷᠡᠭᠵᠢᠭᠦᠯᠦᠨ᠎ᠡ᠃ ᠰᠢᠨᠵᠢᠯᠡᠨ ᠪᠠᠶᠢᠴᠠᠭᠠᠬᠤ ᠠᠭᠤᠯᠭ᠎ᠠ ᠳᠤ ᠭᠤᠣᠯᠳᠠᠭᠤ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠤ ᠦᠵᠡᠯ ᠰᠠᠨᠠᠭ᠎ᠠ ᠤᠯᠤᠰ ᠲᠦᠷᠦ ᠶᠢᠨ ᠢᠯᠡᠷᠡᠯ᠂ ᠶᠣᠰᠣ ᠰᠤᠷᠲᠠᠬᠤᠨ ᠤ ᠰᠤᠷᠲᠠᠯ᠂ ᠴᠢᠳᠠᠪᠤᠷᠢ ᠬᠡᠪ ᠪᠣᠯᠪᠠᠰᠤᠷᠠᠯ᠂ ᠰᠤᠷᠤᠯᠴᠠᠯᠭ᠎ᠠ ᠪᠠ ᠠᠵᠢᠯ ᠤᠨ ᠢᠯᠡᠷᠡᠯ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠵᠢᠴᠢ ᠵᠠᠶᠢᠯᠠᠬᠤ ᠴᠢᠬᠤᠯᠠ ᠡᠰᠡᠬᠦ ᠵᠡᠷᠭᠡ ᠲᠠᠯ᠎ᠠ ᠶᠢᠨ ᠪᠠᠶᠢᠳᠠᠯ ᠢ ᠪᠠᠭᠲᠠᠭᠠᠵᠤ᠂ ᠶᠠᠷᠢᠯᠴᠠᠵᠤ ᠣᠶᠢᠯᠠᠭᠠᠬᠤ᠂ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠢᠨᠠᠨ ᠬᠠᠷᠭᠤᠭᠤᠯᠬᠤ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠤᠲᠠᠰᠤ ᠪᠠᠷ ᠪᠠᠶᠢᠴᠠᠭᠠᠨ ᠰᠤᠷᠪᠤᠯᠵᠢᠯᠠᠬᠤ᠂ ᠵᠠᠬᠢᠳᠠᠯ ᠢᠶᠠᠷ ᠪᠠᠶᠢᠴᠠᠭᠠᠨ ᠯᠠᠪᠯᠠᠬᠤ᠂ ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ᠂ ᠰᠢᠨᠵᠢᠯᠡᠨ ᠪᠠᠶᠢᠴᠠᠭᠠᠭᠴᠢ ᠪᠠᠷ ᠨᠢᠭᠤᠷᠳᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠶᠠᠪᠤᠭᠳᠠᠭᠤᠯᠤᠨ᠎ᠠ᠃        ᠲᠣᠭᠲᠠᠭᠰᠠᠨ ᠴᠠᠭ ᠤᠨ ᠳᠣᠲᠣᠷ᠎ᠠ ᠰᠢᠨᠵᠢᠯᠡᠨ ᠪᠠᠶᠢᠴᠠᠭᠠᠬᠤ ᠳᠤ ᠣᠷᠣᠯᠴᠠᠬᠤ ᠦᠭᠡᠢ᠂ ᠰᠢᠨᠵᠢᠯᠡᠨ ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠪᠤᠶᠤ ᠬᠤᠭᠤᠰᠣᠨ ᠣᠷᠣᠨ ᠲᠤᠭ᠎ᠠ ᠪᠠᠨ ᠠᠶᠠᠨᠳᠠᠭᠠᠨ ᠲᠠᠶᠠᠭᠳᠠᠭᠰᠠᠨ ᠠᠴᠠ ᠪᠣᠯᠵᠤ ᠨᠢᠭᠤᠷᠳᠠᠨ ᠰᠢᠯᠭᠠᠯᠲᠠ ᠶᠢᠨ ᠬᠢᠷᠢ ᠪᠦᠲᠦᠮᠵᠢ ᠶᠢ ᠦᠨᠳᠦᠰᠦᠯᠡᠨ ᠥᠨᠳᠥᠷ ᠠᠴᠠ ᠨᠢ ᠳᠣᠣᠷ᠎ᠠ ᠲᠡᠰ ᠳᠠᠷᠠᠭᠠᠯᠠᠯ ᠲᠠᠢ ᠨᠥᠬᠦᠵᠦ ᠪᠣᠯᠤᠨ᠎ᠠ ︵ᠠᠳᠠᠯᠢ ᠬᠢᠷᠢ ᠪᠦᠲᠦᠮᠵᠢ ᠢᠯᠡᠷᠡᠭᠰᠡᠨ ᠪᠣᠯ ᠵᠣᠬᠢᠶᠠᠨ ᠪᠠᠶᠢᠭᠤᠯᠵᠤ ᠲᠠᠬᠢᠨ ᠰᠢᠯᠭᠠᠨ᠎ᠠ︶᠂ ᠨᠥᠬᠦᠵᠦ ᠠᠪᠬᠤ ᠨᠢ ᠵᠥᠪᠬᠡᠨ ᠨᠢᠭᠡ ᠯᠡ ᠤᠳᠠᠭ᠎ᠠ᠃ ᠰᠢᠯᠭᠠᠭᠤᠯᠤᠭᠴᠢ ᠶᠢᠨ ᠪᠡᠶ᠎ᠡ ᠶᠢᠨ ᠪᠠᠶᠢᠴᠠᠭᠠᠯᠲᠠ ᠬᠢᠬᠦ᠂ ᠰᠢᠨᠵᠢᠯᠡᠨ ᠪᠠᠶᠢᠴᠠᠭᠠᠬᠤ ᠮᠡᠳᠡᠭᠳᠡᠯ ᠢ ᠣᠯᠤᠭᠰᠠᠨ ᠤᠲᠠᠰᠤ ᠶᠢ 5 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠥᠬᠡᠶ᠂ ᠡᠩ ᠤᠨ ᠪᠠᠶᠢᠳᠠᠯ ᠳᠤ 7 ᠠᠵᠢᠯᠯᠠᠬᠤ ᠡᠳᠦᠷ ᠲᠤ ᠪᠠᠶᠢᠴᠠᠭᠠᠯᠲᠠ ᠬᠢᠵᠦ ᠳᠠᠭᠤᠰᠬᠠᠬᠤ ᠥᠬᠡᠶ᠂ ᠡᠰᠡ ᠲᠡᠭᠡᠪᠡᠯ ᠪᠡᠶ᠎ᠡ ᠶᠢᠨ ᠪᠠᠶᠢᠴᠠᠭᠠᠯᠲᠠ ᠬᠢᠬᠦ ᠵᠢᠴᠢ ᠰᠢᠨᠵᠢᠯᠡᠨ ᠪᠠᠶᠢᠴᠠᠭᠠᠬᠤ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃ ᠪᠣᠳᠠᠲᠠᠶ ᠴᠠᠭ ᠬᠤᠭᠤᠴᠠᠭ᠎ᠠ᠂ ᠭᠠᠵᠠᠷ ᠣᠷᠣᠨ ᠪᠠ ᠬᠠᠮᠢᠶ᠎ᠠ ᠪᠥᠬᠦᠶ ᠠᠩᠬᠠᠷᠬᠤ ᠵᠦᠢᠯᠡᠰ ᠢ ᠰᠢᠨᠵᠢᠯᠡᠨ ᠪᠠᠶᠢᠴᠠᠭᠠᠵᠤ᠂ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ᠂ ᠰᠢᠭᠤᠶᠢᠲᠤ ᠬᠤᠰᠢᠭᠤᠴᠢ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠲᠤ ᠠᠯᠪᠠᠨ ᠵᠠᠷ ᠨᠡᠶᠢᠲᠡᠯᠡᠬᠦ ᠪᠣᠯᠤᠨ᠎ᠠ᠃        ︵ᠲᠠᠪᠤ︶ ᠬᠤᠷᠠᠯ ᠠᠴᠠ ᠰᠤᠳᠤᠯᠬᠤ ᠪᠠ ᠵᠠᠷᠯᠠᠨ ᠨᠡᠶᠢᠲᠡᠯᠡᠬᠦ        ᠶᠡᠷᠦᠩᠬᠡᠶᠢᠯᠡᠭᠰᠡᠨ ᠨᠢᠭᠤᠷᠳᠠᠨ ᠰᠢᠯᠭᠠᠯᠲᠠ ᠶᠢᠨ ᠬᠢᠷᠢ ᠪᠦᠳᠦᠮᠵᠢ ᠵᠢᠴᠢ ᠪᠡᠶ᠎ᠡ ᠶᠢᠨ ᠪᠠᠶᠢᠴᠠᠭᠠᠯᠲᠠ ᠬᠢᠵᠦ᠂ ᠰᠢᠨᠵᠢᠯᠡᠨ ᠪᠠᠶᠢᠴᠠᠭᠠᠭᠰᠠᠨ ᠦᠷ᠎ᠡ ᠳ᠋ᠦᠩ᠂ ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ︵ᠲᠤᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ︶ ᠴᠢᠳᠠᠪᠤᠷᠢᠲᠠᠨ ᠤᠷᠢᠵᠤ ᠠᠪᠴᠢᠷᠠᠬᠤ ᠪᠠᠶᠢᠳᠠᠯ ᠢᠶᠠᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠰᠤᠳᠤᠯᠤᠨ ᠬᠢᠨᠠᠨ ᠵᠥᠪᠯᠡᠭᠰᠡᠨ ᠤ ᠳᠠᠷᠠᠭ᠎ᠠ᠂ ᠴᠢᠳᠠᠪᠤᠷᠢᠲᠠᠨ ᠤ ︽ᠪᠤᠭᠤᠳᠤ︾ ᠨᠡᠪᠲᠡᠷᠡᠭᠦᠯᠬᠦ ᠦᠢᠯᠡᠴᠢᠯᠡᠭᠡᠨ ᠤ ᠲᠠᠪᠴᠠᠩ᠂ ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠦᠯᠵᠢᠶ᠎ᠡ᠂ ᠪᠤᠭᠤᠲᠤ ᠶᠢᠨ ᠴᠢᠳᠠᠪᠤᠷᠢᠲᠠᠨ ᠤ ᠰᠦᠯᠵᠢᠶ᠎ᠡ᠂ ᠪᠤᠭᠤᠲᠤ ᠶᠢᠨ ᠡᠳᠦᠷ ᠤᠨ ᠰᠣᠨᠢᠨ᠂ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠰᠢᠭᠤᠶᠢᠲᠤ ᠬᠤᠰᠢᠭᠤᠴᠢ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠸᠢᠴᠠᠲ  ᠣᠯᠠᠨ ᠨᠡᠶᠢᠳᠡ ᠶᠢᠨ ᠲᠠᠪᠴᠠᠩ ᠂ ᠰᠢᠳᠢᠳᠦ ᠰᠢᠭᠤᠶᠢᠲᠤ ᠵᠡᠷᠭᠡ ᠣᠯᠠᠨ ᠨᠡᠶᠢᠲᠡ ᠶᠢᠨ   ᠵᠠᠭᠤᠴᠢᠯᠠᠭᠤᠷ ᠤᠨ ᠲᠠᠪᠴᠠᠩ ᠢᠶᠠᠷ ᠣᠷᠣᠭᠤᠯᠬᠤ ᠪᠠᠷ ᠪᠠᠶᠢᠭ᠎ᠠ ᠬᠥᠮᠦᠰ ᠢ ᠵᠠᠷᠯᠠᠨ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠠᠴᠠ ᠳᠤᠲᠠᠭᠤ ᠪᠠᠶᠢᠵᠤ ᠪᠣᠯᠬᠤ ᠥᠬᠡᠶ᠂ ᠢᠯᠡ ᠨᠡᠶᠢᠲᠡᠯᠡᠬᠦ ᠬᠤᠭᠤᠴᠠᠭᠠᠨ ᠳᠤ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠨ᠎ᠡ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠦᠭᠴᠢ ᠦᠨᠡᠨ ᠪᠣᠳᠠᠲᠠᠶ ᠣᠪᠣᠭ ᠨᠡᠷ᠎ᠡ ᠪᠠᠷ ᠠᠰᠠᠭᠤᠳᠠᠯ ᠢ ᠦᠨᠡᠨ ᠪᠣᠳᠠᠲᠠᠶ ᠪᠠᠷ ᠲᠤᠰᠬᠠᠬᠤ ᠶᠢᠨ ᠬᠠᠮᠲᠤ ᠴᠢᠬᠤᠯᠠ ᠪᠦᠬᠦᠢ ᠪᠠᠶᠢᠴᠠᠭᠠᠯᠲᠠ ᠶᠢᠨ ᠰᠦᠪᠡᠭᠴᠢ ᠬᠠᠩᠭᠠᠬᠤ ᠬᠡᠷᠡᠭᠲᠡᠶ᠃ ᠬᠦᠨᠳᠦ ᠨᠣᠴᠢᠲᠠᠢ ᠠᠰᠠᠭᠤᠳᠠᠯ ᠲᠠᠢ ᠮᠥᠷᠲᠡᠭᠡᠨ ᠦᠨᠡᠨ ᠪᠠᠷᠢᠮᠲᠠ ᠲᠠᠢ ᠪᠠᠶᠢᠪᠠᠯ᠂ ᠣᠷᠣᠭᠤᠯᠤᠨ ᠠᠪᠴᠢᠷᠠᠬᠤ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ︔ ᠬᠦᠨᠳᠦ ᠨᠣᠴᠢᠲᠠᠢ ᠠᠰᠠᠭᠤᠳᠠᠯ ᠲᠠᠢ ᠪᠣᠯᠪᠠᠴᠤ ᠲᠦᠷ ᠪᠠᠶᠢᠴᠠᠭᠠᠨ ᠲᠣᠳᠣᠯᠠᠬᠤ ᠳᠤ ᠪᠡᠷᠬᠡᠲᠡᠢ ᠪᠤᠶᠤ ᠦᠭᠡᠶᠢᠰᠬᠡᠬᠦ ᠳᠤ ᠪᠡᠷᠬᠡ ᠲᠠᠢ ᠪᠠᠶᠢᠪᠠᠯ᠂ ᠲᠦᠷ ᠴᠠᠭ ᠣᠷᠣᠭᠤᠯᠤᠨ ᠠᠪᠴᠢᠷᠠᠬᠤ ᠶᠢ ᠬᠤᠶᠢᠰᠢᠯᠠᠭᠤᠯᠵᠤ᠂ ᠪᠠᠶᠢᠴᠠᠭᠠᠨ ᠲᠣᠳᠣᠯᠠᠬᠤ ᠶᠢᠨ ᠬᠠᠮᠲᠤ ᠳ᠋ᠦᠩ ᠭᠠᠷᠭᠠᠭᠰᠠᠨ ᠤ ᠳᠠᠷᠠᠭ᠎ᠠ ᠣᠷᠣᠭᠤᠯᠤᠨ ᠠᠪᠴᠢᠷᠠᠬᠤ ᠡᠰᠡᠬᠦ ᠶᠢ ᠲᠣᠭᠲᠠᠭᠠᠨ᠎ᠠ᠃        ︵ᠵᠢᠷᠭᠤᠭ᠎ᠠ︶ ᠤᠷᠢᠨ ᠬᠡᠷᠡᠭᠯᠡᠬᠦ  ᠶᠢ ᠭᠦᠢᠴᠡᠳᠭᠡᠬᠦ        ᠵᠠᠷᠯᠠᠨ ᠨᠡᠶᠢᠲᠡᠯᠡᠬᠦ ᠬᠤᠭᠤᠴᠠᠭ᠎ᠠ ᠳᠦᠭᠦᠷᠪᠡᠯ᠂ ᠠᠰᠠᠭᠤᠳᠠᠯ ᠦᠭᠡᠢ ᠪᠤᠶᠤ ᠲᠤᠰᠬᠠᠭᠰᠠᠨ ᠠᠰᠠᠭᠤᠳᠠᠯ ᠢ ᠣᠷᠣᠭᠤᠯᠤᠨ ᠠᠪᠴᠢᠷᠠᠬᠤ ᠶᠢ ᠨᠥᠯᠥᠭᠡᠯᠡᠬᠦ ᠦᠭᠡᠢ ᠪᠣᠯ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠣᠬᠢᠶᠠᠨ ᠪᠠᠶᠢᠭᠤᠯᠤᠯᠲᠠ ᠶᠢᠨ ᠣᠷᠣᠨ ᠲᠤᠭ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠵᠢᠯᠲᠠᠨ ᠤ ᠶᠠᠪᠤᠳᠠᠯ ᠤᠨ ᠣᠷᠣᠨ ᠲᠤᠭ᠎ᠠ ᠶᠢᠨ ᠭᠠᠷᠳᠠᠮ ᠢ ᠭᠦᠢᠴᠡᠳᠬᠡᠨ᠎ᠡ᠃ ᠤᠷᠢᠨ ᠬᠡᠷᠡᠭᠯᠡᠬᠦ ᠶᠢ ᠨᠥᠯᠥᠭᠡ  ᠬᠦᠴᠦᠨ‌‍ᠲ᠋ᠠᠢ ᠠᠰᠠᠭᠤᠳᠠᠯ ᠤᠨ ᠲᠤᠰᠬᠠᠯᠳᠠ ᠲᠠᠢ ᠬᠥᠮᠦᠰ ᠢ ᠪᠠᠶᠢᠴᠠᠭᠠᠨ ᠲᠣᠳᠣᠯᠠᠭᠰᠠᠨ ᠪᠠᠶᠢᠪᠠᠯ᠂ ᠤᠷᠢᠨ ᠬᠡᠷᠡᠭᠯᠡᠬᠦ ᠦᠭᠡᠶ᠃        ᠳᠥᠷᠪᠡ᠂ ᠠᠵᠢᠯᠲᠠᠨ ᠤ ᠬᠠᠮᠢᠶᠠᠷᠤᠯᠲᠠ ᠵᠢᠴᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ        ︵ᠨᠢᠭᠡ︶ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠢ ᠵᠠᠷᠴᠢᠮ ᠳᠡᠭᠡᠷ᠎ᠡ ᠪᠠᠨ ᠲᠠᠭᠯᠠᠨ ᠮᠡᠳᠡᠭᠦᠯᠦᠭᠰᠡᠨ ᠨᠢᠭᠡᠴᠢ ᠳᠤ ᠲᠥᠪᠬᠢᠨᠡᠭᠦᠯᠦᠨ ᠠᠵᠢᠯ ᠦᠢᠯᠡᠰ ᠤᠨ ᠣᠷᠣᠨ ᠲᠤᠭ᠎ᠠ ᠶᠢᠨ ᠬᠠᠮᠢᠶᠠᠷᠤᠯᠲᠠ ᠳᠤ ᠣᠷᠣᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠠᠷᠠᠭᠠᠯᠵᠠᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠳᠣᠭᠢᠷᠠᠭᠤᠯᠬᠤ ᠬᠠᠮᠢᠶᠠᠷᠤᠯᠲᠠ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ ᠲᠣᠭᠲᠠᠭᠠᠨ᠎ᠠ᠃        ︵ᠬᠤᠶᠠᠷ︶᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠦᠨ᠎ᠡ᠃ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ᠂ ᠡᠮᠬᠢ ᠵᠢᠷᠤᠮ ᠲᠠᠢ ᠪᠠᠷ ᠭᠤᠤᠯᠳᠠᠯᠭ᠎ᠠ ᠲᠠᠢ ᠠᠵᠢᠯ ᠤᠨ ᠪᠠᠶᠢᠷᠢ᠂ ᠭᠤᠤᠯᠳᠠᠯᠭ᠎ᠠ ᠲᠠᠢ ᠲᠥᠷᠥᠯ ᠵᠦᠢᠯ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠤᠨ᠎ᠠ ︵ᠲᠦᠷ ᠲᠤᠰᠢᠶᠠᠯ ᠡᠭᠦᠷᠭᠡᠯᠡᠬᠦ ᠬᠤᠭᠤᠴᠠᠭ᠎ᠠ ᠶᠢ ᠶᠡᠷᠦ ᠳᠡᠭᠡᠨ ᠬᠠᠭᠠᠰ ᠵᠢᠯ ᠠᠴᠠ ᠬᠡᠲᠦᠷᠡᠭᠦᠯᠵᠦ ᠪᠣᠯᠬᠤ ᠥᠬᠡᠶ︶ ᠪᠥᠬᠦ  ᠲᠣᠭᠤᠷᠢᠭ ᠤᠨ ᠭᠤᠣᠯ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠢᠯᠡᠷᠡᠯ ᠲᠣᠪᠤᠶᠢᠮ᠎ᠠ ᠶᠢ ᠨᠢ ᠰᠢᠯᠢᠳᠡᠭ ᠵᠠᠯᠠᠭᠤ ᠺᠠᠳ᠋ᠷ ᠪᠣᠯᠭᠠᠨ᠎ᠠ᠃        ︵ᠭᠤᠷᠪᠠ︶ ᠳᠡᠳ᠋ ᠳᠡᠭᠡᠳᠦ ᠵᠡᠷᠭᠡ ᠶᠢᠨ ᠵᠢᠴᠢ ᠲᠡᠭᠦᠨ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠴᠣᠯᠠ ᠣᠯᠤᠭᠰᠠᠨ ᠬᠥᠮᠦᠰ ᠲᠤ ᠮᠡᠷᠭᠡᠵᠢᠯ ᠤᠨ ᠴᠣᠯᠠ ᠶᠢᠨ ᠣᠯᠭᠤᠮᠵᠢ ᠶᠢ ᠤᠷᠢᠳᠠᠪᠠᠷ ᠪᠡᠶᠡᠯᠡᠭᠦᠯᠦᠨ᠎ᠡ᠃        ︵ᠲᠦᠷᠪᠡ︶ ᠣᠷᠣᠭᠤᠯᠥᠨ ᠠᠪᠴᠢᠷᠠᠭᠰᠠᠨ ᠴᠢᠳᠡᠪᠦᠷᠢᠳᠡᠨ ᠤ ᠰᠢᠭᠤᠶᠢᠳᠣ ᠲᠤᠭᠤᠷᠢᠭ ᠲᠤ ᠠᠵᠢᠯᠯᠠᠬᠤ ᠬᠤᠭᠤᠴᠠᠭᠠᠨ ᠳᠤ᠂ ᠱᠠᠭᠠᠷᠳᠡᠯᠭ᠎ᠠ ᠳᠤ ᠨᠡᠶᠢᠴᠡᠪᠡᠯ ᠭᠡᠷ ᠪᠠᠶᠢᠰᠢᠩ ᠬᠤᠳᠠᠯᠳᠣᠨ ᠠᠪᠠᠨ᠋ᠥ ᠬᠠᠷᠡᠭᠠᠯᠵᠠᠯ ᠤᠨ ᠨᠦᠬᠦᠪᠦᠷᠢ ᠦᠭᠬᠦ᠂ ᠳᠦᠷᠢᠶᠡᠰᠣᠨ ᠮᠦᠡᠭᠬᠦ ᠶᠢᠨ ᠨᠦᠬᠦᠪᠦᠷᠢ ᠪᠠ ᠪᠤᠳᠡᠳᠣ ᠶᠠᠭᠤᠮ᠎ᠠ ᠪᠠᠷ ᠳᠥᠷᠢᠶᠡᠰᠦᠯᠡᠬᠦ ᠪᠠᠳᠣᠯᠠᠭ᠎ᠠ ᠶᠢ ᠬᠦᠷᠲᠡᠭᠡᠵᠦ ᠪᠤᠯᠥᠨ᠎ᠠ᠃        ᠲᠠᠪᠤ᠂ ᠪᠤᠰᠤᠳ ᠵᠦᠢᠯ        ︵ᠨᠢᠭᠡ︶ ᠰᠢᠭᠤᠶᠢᠲᠤ ᠲᠣᠭᠤᠷᠢᠭ ᠤᠨ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠠᠵᠢᠯᠲᠠᠨ ᠤ ᠶᠠᠪᠤᠳᠠᠯ ᠢ ᠣᠷᠣᠭᠤᠯᠤᠨ ᠠᠪᠴᠢᠷᠠᠬᠤ᠂ ᠡᠯᠰᠡᠨ ᠬᠡᠷᠡᠭᠯᠡᠬᠦ ᠵᠡᠷᠭᠡ ᠳᠡᠭᠡᠳᠦ ᠱᠠᠲᠤᠨ ᠤ ᠬᠠᠮᠢᠶ᠎ᠠ ᠪᠥᠬᠦᠶ ᠲᠦᠷᠢᠮ ᠠᠷᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠦᠨ᠎ᠡ᠃        ︵ᠬᠤᠶᠠᠷ︶ ᠤᠷᠢᠨ ᠬᠡᠷᠡᠭᠯᠡᠬᠦ ᠴᠢᠳᠠᠪᠤᠷᠢᠳᠠᠨ ᠤ ᠰᠢᠭᠤᠶᠢᠳᠤ ᠲᠤᠭᠤᠷᠢᠭ ᠲᠤ ᠬᠦᠷᠬᠦ ᠬᠠᠮᠤᠭ ᠲᠤᠤᠷ᠎ᠠ ᠦᠢᠯᠡᠴᠢᠯᠡᠬᠦ ᠵᠢᠯ ᠬᠤᠭᠤᠴᠠᠭ᠎ᠠ ᠨᠢ 5 ᠵᠢᠯ ︵ᠲᠤᠷᠰᠢᠨ ᠬᠡᠷᠡᠭᠯᠡᠬᠦ ᠬᠤᠭᠤᠴᠠᠭ᠎ᠠ ᠪᠠᠭᠳᠠᠨ᠎ᠠ︶᠂ ᠦᠢᠯᠡᠴᠢᠯᠡᠭᠡᠨ ᠤ ᠴᠠᠭ ᠬᠤᠭᠤᠴᠠᠭ᠎ᠠ ᠶᠢ ᠤᠷᠢᠵᠤ ᠬᠡᠷᠡᠭᠯᠡᠭᠰᠡᠨ ᠡᠳᠦᠷ ᠠᠴᠠ ᠡᠬᠢᠯᠡᠵᠦ ᠪᠣᠳᠣᠨ᠎ᠠ᠂ ᠦᠢᠯᠡᠴᠢᠯᠡᠭᠡᠨ ᠤ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠬᠡᠪᠰᠢᠭᠰᠡᠨ ᠬᠠᠮᠢᠶᠠᠷᠤᠯᠲᠠ ᠳᠤ ᠣᠷᠣᠭᠤᠯᠤᠨ᠎ᠠ᠃ ᠦᠢᠯᠡᠴᠢᠯᠡᠭᠡᠨ ᠤ ᠬᠤᠭᠤᠴᠠᠭᠠᠨ ᠳᠤ ᠲᠤᠰᠢᠶᠠᠯ ᠠᠴᠠ ᠪᠠᠨ ᠪᠠᠭᠤᠭᠰᠠᠨ ᠤ ᠳᠠᠷᠠᠭ᠎ᠠ ᠳᠠᠬᠢᠨ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠢᠶᠠᠷ ᠬᠤᠲᠠ ᠶᠢᠨ ᠳᠣᠲᠣᠷᠠᠬᠢ ᠪᠤᠰᠤᠳ ᠠᠵᠢᠯ ᠦᠢᠯᠡᠰ ᠤᠨ ᠨᠢᠭᠡᠴᠢ ᠶᠢ ᠣᠷᠣᠭᠤᠯᠤᠨ ᠠᠪᠴᠢᠷᠠᠵᠤ ᠪᠣᠯᠬᠤ ᠥᠬᠡᠶ᠃ ᠦᠢᠯᠡᠴᠢᠯᠡᠭᠡᠨ ᠤ ᠬᠤᠭᠤᠴᠠᠭᠠᠨ ᠳᠤ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠠᠴᠠ ᠭᠠᠳᠠᠨ᠎ᠠ᠂ ᠵᠠᠷᠴᠢᠮ ᠳᠡᠭᠡᠷ᠎ᠡ ᠪᠠᠨ ᠰᠢᠯᠵᠢᠭᠦᠯᠬᠦ᠂ ᠵᠢᠭᠡᠯᠡᠬᠦ᠂ ᠠᠵᠢᠯ ᠤᠨ ᠪᠠᠶᠢᠷᠢ ᠠᠴᠠ ᠪᠠᠨ ᠤᠷᠢᠳᠴᠢᠯᠠᠨ ᠬᠤᠲᠠ ᠶᠢᠨ ᠳᠣᠲᠣᠷᠠᠬᠢ ᠪᠤᠰᠤᠳ ᠠᠵᠢᠯ ᠦᠢᠯᠡᠰ ᠤᠨ ᠨᠢᠭᠡᠴᠢ ᠳᠤ ᠣᠴᠢᠵᠤ ᠪᠣᠯᠬᠤ ᠦᠭᠡᠢ᠃ ᠵᠦᠢ ᠶᠣᠰᠣᠨ ᠤ ᠰᠢᠯᠲᠠᠭᠠᠨ ᠦᠭᠡᠶ ᠪᠠᠷ ᠠᠶᠠᠨᠳᠠᠭᠠᠨ ᠲᠠᠶᠠᠭᠳᠠᠭᠰᠠᠨ ᠪᠤᠶᠤ ᠬᠠᠮᠤᠭ ᠤᠨ ᠳᠣᠤᠷ᠎ᠠ ᠦᠢᠯᠡᠴᠢᠯᠡᠭᠡᠨ ᠤ ᠬᠤᠭᠤᠴᠠᠭ᠎ᠠ ᠶᠢ ᠨᠢ ᠭᠦᠢᠴᠡᠳᠬᠡᠭᠰᠡᠨ ᠦᠭᠡᠶ ᠪᠣᠯ ᠤᠷᠢᠵᠤ ᠬᠡᠷᠡᠭᠯᠡᠬᠦ ᠭᠡᠷ᠎ᠡ ᠶᠢ ᠬᠦᠴᠦᠨ ᠦᠭᠡᠶ ᠪᠣᠯᠭᠠᠬᠤ ᠶᠢᠨ ᠬᠠᠮᠲᠤ ᠲᠤᠰ ᠬᠥᠮᠦᠨ ᠤ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ ᠣᠷᠣᠭᠤᠯᠬᠤ ᠬᠡᠷᠡᠭᠲᠡᠶ  ᠃        ︵ᠭᠤᠷᠪᠠ︶ ᠣᠷᠣᠭᠤᠯᠵᠤ ᠢᠷᠡᠭᠰᠡᠨ ᠴᠢᠳᠠᠪᠤᠷᠢᠲᠠᠨ ᠨᠢ ᠬᠥᠮᠦᠨ ᠬᠡᠷᠡᠭᠯᠡᠬᠦ ᠨᠢᠭᠡᠴᠢ ᠯᠦᠭᠡ ᠤᠷᠢᠵᠤ ᠬᠡᠷᠡᠭᠯᠡᠬᠦ ᠭᠡᠷ᠎ᠡ ᠲᠣᠭᠲᠠᠬᠤ ᠬᠡᠷᠡᠭᠲᠡᠶ᠃ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠲᠤᠷᠰᠢᠨ ᠬᠡᠷᠡᠭᠯᠡᠬᠦ ᠬᠤᠭᠤᠴᠠᠭᠠᠨ ᠤ ᠲᠦᠷᠢᠮ ᠢ ᠬᠡᠷᠡᠭᠵᠢᠭᠦᠯᠵᠦ᠂ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠨᠢ ᠠᠩᠬ᠎ᠠ ᠤᠳᠠᠭ᠎ᠠ ᠠᠵᠢᠯ ᠣᠯᠤᠭᠰᠠᠨ ᠳᠤ ᠬᠠᠷᠢᠶᠠᠯᠠᠭᠳᠠᠪᠠᠯ᠂ ᠲᠤᠷᠰᠢᠨ ᠬᠡᠷᠡᠭᠯᠡᠬᠦ ᠬᠤᠭᠤᠴᠠᠭ᠎ᠠ ᠨᠢ 12 ᠰᠠᠷ᠎ᠠ ᠪᠣᠯᠤᠨ᠎ᠠ︔ ᠪᠤᠰᠤᠳ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠲᠤᠷᠰᠢᠨ ᠬᠡᠷᠡᠭᠯᠡᠬᠦ ᠬᠤᠭᠤᠴᠠᠭ᠎ᠠ ᠶᠢ ᠶᠡᠷᠦ ᠳᠡᠭᠡᠨ 3 ᠰᠠᠷ᠎ᠠ ᠠᠴᠠ ᠬᠡᠲᠦᠷᠡᠭᠦᠯᠵᠦ ᠪᠣᠯᠬᠤ ᠥᠬᠡᠶ᠂ ᠪᠠᠶᠢᠳᠠᠯ ᠨᠢ ᠣᠨᠴᠠᠭᠠᠶ ᠪᠣᠯ ᠤᠷᠲᠤᠳᠬᠠᠵᠤ ᠪᠣᠯᠤᠨ᠎ᠠ᠂ ᠭᠡᠪᠡᠴᠦ ᠬᠠᠮᠤᠭ ᠤᠨ ᠤᠷᠲᠤ ᠳᠠᠭᠠᠨ 6 ᠰᠠᠷ᠎ᠠ ᠠᠴᠠ ᠬᠡᠲᠦᠷᠡᠭᠦᠯᠵᠦ ᠪᠣᠯᠬᠤ ᠥᠬᠡᠶ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠤᠷᠢᠨ ᠬᠡᠷᠡᠭᠯᠡᠬᠦ ᠭᠡᠷ᠎ᠡ ᠶᠢᠨ ᠬᠤᠭᠤᠴᠠᠭᠠᠨ ᠳᠤ ᠪᠠᠭᠲᠠᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠴᠦ ᠬᠢᠨᠠᠨ ᠰᠢᠯᠭᠠᠭᠠᠳ ᠬᠢᠷᠢ ᠲᠡᠩᠴᠡᠭᠰᠡᠨ ᠪᠠᠶᠢᠪᠠᠯ᠂ ᠵᠢᠩᠬᠢᠨᠢ ᠪᠠᠷ ᠤᠷᠢᠵᠤ ᠬᠡᠷᠡᠭᠯᠡᠬᠦ ᠬᠡᠷᠡᠭᠲᠡᠶ︔ ᠬᠢᠷᠢ ᠲᠡᠩᠴᠡᠬᠦ ᠦᠭᠡᠶ ᠪᠣᠯ ᠤᠷᠢᠵᠤ ᠬᠡᠷᠡᠭᠯᠡᠬᠦ ᠶᠢ ᠨᠢ ᠬᠦᠴᠦᠨ ᠦᠭᠡᠶ ᠪᠣᠯᠭᠠᠨ᠎ᠠ᠃        ︵ᠲᠦᠷᠪᠡ︶ ᠲᠣᠰ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠰᠢᠯᠭᠠᠯᠲᠠ ᠶᠢᠨ ᠬᠡᠷᠡᠭᠯᠡᠬᠦ ᠪᠢᠴᠢᠭ ᠢ ᠵᠢᠭᠠᠨ ᠲᠣᠭᠲᠠᠭᠠᠬᠤ ᠦᠭᠡᠢ᠂ ᠵᠣᠬᠢᠶᠠᠨ ᠪᠠᠶᠢᠭᠤᠯᠬᠤ ᠦᠭᠡᠢ ᠪᠤᠶᠤ ᠶᠠᠮᠠᠷᠪᠠ ᠪᠠᠶᠢᠭᠤᠯᠤᠮᠵᠢ ᠳᠤ ᠨᠠᠶᠢᠳᠠᠵᠤ ᠰᠢᠯᠭᠠᠯᠲᠠ ᠶᠢᠨ ᠬᠠᠪᠰᠤᠷᠤᠨ ᠵᠢᠯᠣᠭᠤᠳᠬᠤ ᠪᠣᠯᠪᠠᠰᠤᠷᠠᠯ ᠤᠨ ᠠᠩᠭᠢ ᠡᠷᠬᠢᠯᠡᠬᠦ ᠦᠭᠡᠢ᠃        ︵ᠲᠠᠪᠤ︶ ᠳᠠᠭᠤᠰᠤᠭᠠᠳᠤᠶ ᠤᠴᠢᠷ ᠶᠠᠪᠤᠳᠠᠯ ᠢ ᠰᠢᠭᠤᠶᠢᠲᠤ ᠲᠣᠭᠤᠷᠢᠭ ᠤᠨ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠬᠠᠷᠢᠭᠤᠴᠠᠨ ᠲᠠᠶᠢᠯᠪᠤᠷᠢᠯᠠᠨ᠎ᠠ᠃        ᠵᠢᠷᠭᠤᠭ᠎ᠠ᠂ ᠠᠰᠠᠭᠤᠨ ᠯᠠᠪᠯᠠᠬᠤ ᠪᠠ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠳᠠᠰᠤ        ᠠᠰᠠᠭᠤᠨ ᠯᠠᠪᠯᠠᠬᠤ ᠤᠲᠠᠰᠤ᠄ 0472 - 8712365 0472 – 8728182        ᠬᠢᠨᠠᠯᠲᠠ ᠲᠠᠯᠪᠢᠬᠤ ᠤᠲᠠᠰᠤ᠄ 0472 – 8712380        ᠬᠦᠯᠢᠶᠡᠨ ᠠᠪᠴᠤ ᠰᠢᠢᠳᠪᠦᠷᠢᠯᠡᠬᠦ ᠴᠠᠭ ︵ᠠᠵᠢᠯᠯᠠᠬᠤ ᠡᠳᠦᠷ︶᠄ 9:00-12:00 
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号