ᠰᠢᠭᠤᠶᠢᠳᠤ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/12/9
        ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ        ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠠᠵᠢᠯ ᠲᠦᠷᠦᠯ ᠤᠨ ᠬᠠᠮᠢᠶᠠᠷᠤᠯᠲᠠ᠂ ᠡᠨᠧᠷᠭᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ᠂ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠲᠣᠭᠳᠠᠯᠴᠠᠭᠠᠨ ᠤ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ᠂ ᠪᠠᠶᠢᠭᠤᠯᠤᠮᠵᠢ ᠶᠢᠨ ᠥᠭᠡᠷᠡᠴᠢᠯᠡᠯᠲᠡ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠵᠡᠷᠭᠡ ᠲᠥᠷᠥ ᠶᠢᠨ ᠪᠣᠳᠣᠯᠭ᠎ᠠ ᠲᠤᠭᠤᠷᠪᠢᠬᠤ᠂ ᠲᠣᠭᠤᠷᠢᠭ ᠤᠨ ᠰᠢᠨ᠎ᠡ ᠶᠢ ᠡᠭᠦᠳᠬᠦ᠂ ᠬᠢᠨᠠᠯᠲᠠ ᠲᠠᠯᠪᠢᠨ ᠦᠨᠡᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠴᠢ ᠲᠣᠰ ᠪᠡᠶ᠎ᠡ ᠶᠢᠨ ᠪᠠᠶᠢᠭᠤᠯᠤᠯᠲᠠ ᠵᠡᠷᠭᠡ ᠶᠢ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃        ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠤᠭᠤᠲᠤ ᠬᠤᠲᠠ ᠶᠢᠨ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢᠨ ᠲᠤᠬᠠᠶ ᠪᠠᠶᠢᠯᠳᠤᠬᠤ ᠪᠣᠳᠣᠯᠭ᠎ᠠ ᠪᠣᠯᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠰᠢᠭᠤᠶᠢᠲᠤ ᠲᠣᠭᠤᠷᠢᠭ ᠤᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠪᠣᠯᠤᠨ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃        ︵ᠭᠤᠷᠪᠠ︶ ᠰᠢᠭᠤᠶᠢᠲᠤ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠨ ᠳᠠᠬᠢ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠰᠢᠭᠤᠶᠢᠲᠤ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠨ᠂ ᠤᠷᠢᠳᠴᠢᠯᠠᠨ ᠵᠢᠱᠢᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠬᠥᠲᠥᠯᠥᠨ ᠵᠢᠯᠣᠭᠤᠳᠴᠤ᠂ ᠠᠵᠢᠯ ᠲᠥᠷᠥᠯ ᠤᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠰᠢᠭᠤᠶᠢᠲᠤ ᠲᠣᠭᠤᠷᠢᠭ ᠤᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠦᠨᠡᠯᠡᠨ ᠵᠢᠱᠢᠵᠦ ᠳᠠᠩᠰᠠᠯᠠᠵᠤ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠰᠢᠭᠤᠶᠢᠲᠤ ᠲᠣᠭᠤᠷᠢᠭ ᠤᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠮᠥᠷᠳᠡᠬᠦ᠂ ᠬᠢᠨᠠᠨ ᠡᠵᠡᠮᠳᠡᠬᠦ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃        ︵ᠲᠦᠷᠪᠡ︶ ᠰᠢᠭᠤᠶᠢᠲᠤ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠣᠯᠤᠨ ᠠᠵᠤ ᠦᠢᠯᠡᠰ ᠤᠨ ᠬᠥᠭᠵᠢᠯᠲᠡ ᠶᠢᠨ ᠤᠳᠤᠷᠢᠳᠤᠮᠵᠢ ᠪᠣᠯᠤᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠠᠵᠤ ᠦᠢᠯᠡᠳᠪᠦᠷᠢ ᠶᠢᠨ ᠮᠡᠷᠭᠡᠵᠢᠯ ᠤᠨ ᠲᠥᠷᠥᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠲᠠᠪᠤᠰᠣᠨ ᠤ ᠦᠢᠯᠡᠰ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠶᠢᠨ ᠠᠵᠢᠯ ᠳᠥᠷᠦᠯ ᠤᠨ ᠬᠠᠮᠢᠶᠡᠷᠦᠯᠳᠡ ᠶᠢᠨ ᠡᠬᠦᠷᠭᠡ ᠬᠠᠷᠢᠭᠤᠴᠠᠯᠭ᠎ᠠ ᠶᠢ ᠬᠠᠦᠯᠢ ᠶᠣᠰᠣᠭᠠᠷ ᠬᠦᠢᠴᠡᠳᠭᠡᠨ᠎ᠠ᠃ ᠰᠢᠭᠤᠶᠢᠲᠤ ᠲᠣᠭᠤᠷᠢᠭ ᠤᠨ ᠴᠠᠬᠢᠯᠭᠠᠨ ᠬᠦᠴᠦᠨ ᠤ ᠪᠡᠯᠡᠳᠬᠡᠮᠵᠢ ᠪᠣᠯᠤᠨ ᠴᠠᠬᠢᠯᠭᠠᠨ ᠡᠨᠧᠷᠭᠢ ᠶᠢ ᠬᠠᠮᠠᠭᠠᠯᠠᠬᠤ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ ᠰᠢᠭᠤᠶᠢᠲᠤ ᠲᠣᠭᠤᠷᠢᠭ ᠤᠨ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠪᠣᠷ ᠰᠢᠷᠣᠶ ᠶᠢᠨ ᠠᠵᠢᠯ ᠲᠥᠷᠥᠯ ᠤᠨ ᠬᠥᠭᠵᠢᠯᠲᠡ ᠶᠢᠨ ᠬᠤᠷᠸ᠎ᠠ ᠲᠣᠬᠢᠷᠠᠭᠤᠯᠭ᠎ᠠ ᠡᠵᠡᠮᠰᠢᠯ ᠪᠣᠯᠤᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ         ︵ᠲᠠᠪᠤ︶ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢ ᠵᠢᠯᠣᠭᠤᠳᠤᠨ᠎ᠠ᠃ ᠰᠢᠭᠤᠶᠢᠲᠤ ᠲᠣᠭᠤᠷᠢᠭ ᠤᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠠᠵᠢᠯ ᠢ ᠵᠣᠬᠢᠴᠠᠭᠤᠯᠤᠨ ᠵᠢᠯᠣᠭᠤᠳᠴᠤ᠂ ᠰᠢᠭᠤᠶᠢᠲᠤ ᠲᠣᠭᠤᠷᠢᠭ ᠤᠨ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃        ︵ᠵᠢᠷᠭᠤᠭ᠎ᠠ︶ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠲᠣᠭᠳᠠᠯᠴᠠᠭᠠᠨ ᠤ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠡᠷᠡᠭᠯᠡᠬᠦ ᠶᠢ ᠤᠶᠠᠯᠳᠤᠭᠤᠯᠬᠤ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠳᠤ ᠣᠷᠣᠯᠴᠠᠵᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠠᠵᠤ ᠦᠢᠯᠡᠰᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠵᠢᠯᠣᠭᠤᠳᠤᠨ᠎ᠠ᠃        ︵ᠳᠤᠯᠤᠭ᠎ᠠ︶ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠬᠥᠭᠵᠢᠯᠲᠡ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠭᠤᠤᠯᠳᠠᠯᠭ᠎ᠠ ᠲᠠᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠥᠬᠦᠶ ᠴᠢᠬᠤᠯᠠ ᠶᠡᠭᠡ ᠲᠤᠰᠬᠠᠶ ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠮᠡᠷᠭᠡᠵᠢᠯ ᠲᠣᠨᠤᠭ ᠲᠥᠬᠦᠭᠡᠷᠦᠮᠵᠢ ᠶᠢ ᠤᠯᠤᠰ ᠤᠨ ᠠᠵᠤ ᠦᠢᠯᠡᠳᠪᠦᠷᠢᠵᠢᠭᠦᠯᠬᠦ ᠶᠢ ᠠᠬᠢᠭᠤᠯᠵᠤ᠂ ᠮᠡᠷᠭᠡᠵᠢᠯ ᠲᠣᠨᠤᠭ ᠲᠥᠬᠦᠭᠡᠷᠦᠮᠵᠢ ᠶᠢ ᠣᠷᠣᠭᠤᠯᠤᠨ ᠠᠪᠴᠢᠷᠠᠬᠤ ᠶᠢ ᠵᠢᠯᠣᠭᠤᠳᠤᠨ ᠰᠢᠨ᠎ᠡ ᠶᠢ ᠡᠭᠦᠳᠴᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃        ︵ᠨᠠᠢᠮᠠ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠡᠯᠲᠡ ᠶᠢᠨ ᠨᠡᠶᠢᠯᠡᠯ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠤᠨᠤᠭ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ ᠲᠤᠤᠷ ᠰᠦ᠋ᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠷᠢᠭᠤᠴᠠᠨ᠎ᠠ᠃ ᠴᠢᠮᠡᠭᠡ ᠬᠤᠯᠪᠣᠭᠠᠨ ᠤ ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ ᠰᠦᠯᠵᠢᠶᠡᠨ ᠤ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠭᠡᠭᠡᠬᠦ ᠪᠠ ᠠᠰᠢᠭᠯᠠᠬᠤ᠂ ᠠᠵᠤ ᠠᠬᠤᠶᠢᠯᠠᠯ ᠤᠨ ᠮᠡᠳᠡᠭᠡ ᠵᠠᠩᠭᠢᠵᠢᠯᠲᠠ ᠶᠢᠨ ᠬᠡᠷᠡᠭᠯᠡᠯᠲᠡ ᠶᠢ ᠲᠦᠯᠬᠢᠨ ᠠᠬᠢᠭᠤᠯᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃        ︵ᠶᠢᠰᠦ︶ ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢᠨ ᠬᠤᠷᠸ᠎ᠠ ᠵᠢᠯᠣᠭᠤᠳᠣᠯᠭ᠎ᠠ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠶ ᠵᠦᠢᠯ ᠤᠨ ᠪᠡᠯᠡ ᠮᠥᠩᠭᠦ ᠶᠢᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠲᠣᠭᠳᠠᠯᠴᠠᠭᠠᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠳᠤᠮᠳᠠ ᠪᠠᠭ᠎ᠠ ᠠᠵᠤ ᠠᠬᠤᠶᠢᠯᠠᠯ ᠢ ᠪᠤᠯᠪᠠᠰᠤᠷᠠᠯ ᠳᠤ ᠣᠷᠤᠯᠴᠠᠭᠤᠯᠬᠤ ᠶᠢ ᠬᠠᠷᠢᠭᠤᠴᠠᠨ᠎ᠠ᠃        ︵ᠠᠷᠪᠠ︶ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠭᠠᠳᠠᠭᠠᠳᠤ ᠬᠠᠮᠲᠤᠷᠠᠯᠴᠠᠭ᠎ᠠ ᠰᠣᠯᠢᠯᠴᠠᠭ᠎ᠠ ᠬᠢᠭᠡᠳ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠵᠢᠯᠣᠭᠤᠳᠤᠨ ᠠᠬᠢᠭᠤᠯᠤᠨ᠎ᠠ᠃        ︵ᠠᠷᠪᠠᠨ ᠨᠢᠭᠡ︶ ᠬᠠᠤᠯᠢ ᠴᠠᠭᠠᠵᠠ ᠬᠠᠤᠯᠢ ᠲᠣᠭᠲᠠᠭᠠᠯ ᠳᠤ ᠰᠢᠭᠤᠳ ᠲᠣᠰ ᠱᠠᠲᠤᠨ ᠳᠤ ᠣᠯᠭᠤᠭᠰᠠᠨ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠠᠷᠢᠶ᠎ᠠ ᠣᠷᠣᠨ ᠤ ᠳᠣᠲᠣᠷᠠᠬᠢ ᠡᠷᠳᠡᠮ ᠴᠢᠳᠠᠪᠤᠷᠢ ᠶᠢᠨ ᠲᠣᠭᠤᠷᠢᠭ ᠤᠨ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠵᠢᠯᠣᠭᠤᠳᠬᠤ᠂ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠵᠣᠬᠢᠶᠠᠨ ᠪᠠᠶᠢᠭᠤᠯᠤᠨ᠎ᠠ᠃ ᠬᠠᠷᠢᠶ᠎ᠠ ᠲᠣᠭᠤᠷᠢᠭ ᠤᠨ ᠳᠣᠲᠣᠷᠠᠬᠢ ᠴᠠᠬᠢᠯᠭᠠᠨ ᠬᠦᠴᠦᠨ ᠤ ᠪᠡᠯᠡᠳᠬᠡᠮᠵᠢ ᠶᠢ ᠬᠠᠮᠠᠭᠠᠯᠠᠬᠤ᠂ ᠢᠳᠡᠰᠢᠨ ᠤ ᠳᠠᠪᠤᠰᠤᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠭᠤᠭᠴᠤᠭ᠎ᠠ᠂ ᠠᠷᠠᠳ ᠤᠨ ᠬᠡᠷᠡᠭᠯᠡᠭᠡᠨ ᠤ ᠲᠡᠯᠪᠡᠷᠡᠬᠦ ᠪᠣᠳᠠᠰ ᠢ ᠦᠢᠯᠡᠳᠪᠦᠷᠢᠯᠡᠬᠦ ᠪᠠ ᠪᠣᠷᠣᠯᠠᠭᠤᠯᠬᠤ᠂ ᠨᠡᠭᠦᠷᠡᠰᠦ ᠤᠬᠢᠶᠠᠵᠤ ᠰᠣᠩᠭᠤᠬᠤ ᠠᠶᠤᠯ ᠦᠭᠡᠢ ᠶᠢᠨ ᠬᠢᠨᠠᠯᠲᠠ ᠲᠠᠯᠪᠢᠬᠤ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠵᠡᠷᠭᠡ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ︔ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠠᠵᠢᠯ ᠥᠷᠨᠢᠭᠦᠯᠬᠦ ᠶᠢ ᠬᠠᠷᠢᠭᠤᠴᠠᠨ᠎ᠠ᠃        ︵ᠠᠷᠪᠠᠨ ᠬᠤᠶᠠᠷ︶ ᠪᠥᠬᠦ ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ᠂ ᠭᠠᠳᠠᠭᠠᠳᠤ ᠶᠢᠨ ᠣᠶᠤᠨ ᠤ ᠴᠢᠳᠠᠪᠤᠷᠢ ᠶᠢ ᠣᠷᠣᠭᠤᠯᠤᠨ ᠠᠪᠴᠢᠷᠠᠬᠤ ᠲᠥᠯᠥᠪᠵᠢᠭᠦᠯᠭᠡ ᠶᠢ ᠲᠦᠷᠦᠭᠦᠯᠡᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ︵ᠠᠷᠪᠠᠨ ᠭᠤᠷᠪᠠ︶ ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃        ︵ᠠᠷᠪᠠᠨ ᠳᠥᠷᠪᠡᠳᠦᠭᠡᠷ︶ ᠪᠦᠬᠦ ᠲᠣᠭᠤᠷᠢᠭ ᠤᠨ ᠰᠢᠨ᠎ᠡ ᠶᠢ ᠡᠭᠦᠳᠬᠦ ᠲᠣᠭᠳᠠᠯᠴᠠᠭᠠᠨ ᠤ ᠪᠠᠶᠢᠭᠤᠯᠤᠯᠲᠠ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ ᠲᠣᠭᠳᠠᠯᠴᠠᠭᠠᠨ ᠤ ᠪᠠᠶᠢᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠪᠣᠯᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃        ︵ᠠᠷᠪᠠᠨ ᠲᠠᠪᠤ︶ ᠪᠥᠬᠦ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠥᠪᠯᠡᠨ᠂ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃        ︵ᠠᠷᠪᠠᠨ ᠵᠢᠷᠭᠤᠭ᠎ᠠ︶ ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠨᠢᠭᠡᠳᠦᠯᠲᠡᠶ ᠲᠠᠪᠴᠠᠩ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠡᠯᠡ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠲᠣᠭᠲᠠᠴᠠ ᠶᠢ ᠲᠦᠷᠦᠭᠦᠯᠡᠨ ᠪᠠᠶᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠳᠠᠯᠴᠠᠭᠠᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠦᠬᠦ ᠲᠣᠭᠤᠷᠢᠭ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ︵ᠲᠤᠰᠬᠠᠢ ᠵᠦᠢᠯ᠂ ᠰᠠᠭᠤᠷᠢ ᠮᠥᠩᠭᠦ ᠵᠡᠷᠭᠡ︶ ᠶᠢ ᠵᠣᠬᠢᠴᠠᠭᠤᠯᠤᠨ ᠬᠠᠮᠢᠶᠠᠷᠬᠤ ᠪᠥᠭᠡᠳ ᠬᠢᠨᠠᠯᠲᠠ ᠲᠠᠯᠪᠢᠨ ᠬᠡᠷᠡᠭᠵᠢᠭᠦᠯᠦᠨ᠎ᠡ᠃        ︵ᠠᠷᠪᠠᠨ ᠳᠣᠯᠤᠭ᠎ᠠ︶ ᠪᠦᠬᠦ ᠲᠣᠭᠤᠷᠢᠭ ᠤᠨ ᠰᠠᠭᠤᠷᠢ ᠰᠤᠳᠤᠯᠭᠠᠨ ᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠲᠣᠭᠤᠷᠢᠭ ᠤᠨ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃        ︵ᠠᠷᠪᠠᠨ ᠨᠠᠢᠮᠠ︶ ᠪᠥᠬᠦ ᠲᠣᠭᠤᠷᠢᠭ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠢ ᠪᠠᠲᠤᠯᠠᠬᠤ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠨᠡᠭᠡᠭᠡᠯᠳᠡᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃        ︵ᠠᠷᠪᠠ ᠶᠢᠰᠦ︶ ᠪᠦᠬᠦ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠪᠣᠯᠤᠨ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠪᠥᠬᠦ ᠲᠣᠭᠤᠷᠢᠭ ᠤᠨ ᠭᠤᠣᠯᠳᠠᠯᠭ᠎ᠠ ᠲᠠᠢ ᠬᠦᠷᠢᠶᠡᠨ ᠳᠠᠬᠢ ᠮᠡᠷᠭᠡᠵᠢᠯ ᠤᠨ ᠬᠥᠭᠵᠢᠯᠲᠡ ᠶᠢᠨ ᠪᠠᠷᠠᠯᠠᠯᠳᠤ ᠴᠢᠨᠠᠷᠲᠠᠶ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃        ︵ᠬᠤᠷᠢ︶ ᠪᠦᠬᠦ ᠲᠣᠭᠤᠷᠢᠭ ᠤᠨ ᠮᠡᠷᠭᠡᠵᠢᠯ ᠢ ᠰᠢᠯᠵᠢᠭᠦᠯᠬᠦ ᠲᠣᠭᠳᠠᠯᠴᠠᠭᠠᠨ ᠤ ᠪᠠᠶᠢᠭᠤᠯᠤᠯᠲᠠ ᠶᠢ ᠲᠦᠷᠦᠭᠦᠯᠡᠨ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠠᠮᠢᠶᠠᠷᠬᠤ᠂ ᠰᠢᠯᠵᠢᠭᠦᠯᠦᠨ ᠬᠤᠪᠢᠷᠠᠭᠤᠯᠬᠤ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠢ ᠤᠯᠠᠮᠵᠢᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃        ︵ᠬᠤᠷᠢᠨ ᠨᠢᠭᠡ︶ ᠲᠣᠭᠤᠷᠢᠭ ᠤᠨ ᠰᠢᠨ᠎ᠡ ᠶᠢ ᠡᠭᠦᠳᠬᠦ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠵᠦᠶ ᠵᠣᠬᠢᠰᠲᠠᠶ ᠪᠠᠶᠢᠷᠢᠯᠠᠭᠤᠯᠬᠤ ᠪᠠ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠠᠴᠢᠶᠠᠯᠠᠪᠤᠷᠢ ᠵᠢᠴᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃        ︵ᠬᠤᠷᠢᠨ ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠨᠠᠯᠲᠠ ᠲᠠᠯᠪᠢᠵᠤ ᠦᠨᠡᠯᠡᠬᠦ ᠲᠤᠭᠳᠠᠯᠴᠠᠭᠠᠨ ᠤ ᠪᠠᠶᠢᠭᠤᠯᠤᠯᠲᠠ ᠪᠠ ᠬᠠᠮᠢᠶ᠎ᠠ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠬᠦ ᠲᠣᠭᠲᠠᠴᠠ ᠶᠢᠨ ᠥᠭᠡᠷᠡᠴᠢᠯᠡᠯᠲᠡ ᠶᠢ ᠵᠢᠯᠣᠭᠤᠳᠴᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ᠃        ︵ᠬᠤᠷᠢᠨ ᠭᠤᠷᠪᠠ︶ ᠪᠥᠬᠦ ᠲᠣᠭᠤᠷᠢᠭ ᠤᠨ ᠰᠢᠨ᠎ᠡ ᠶᠢ ᠡᠭᠦᠳᠬᠦ ᠪᠠᠶᠢᠴᠠᠭᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠭᠦᠯᠦᠯᠲᠡ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠪᠠ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃    ︵ᠬᠤᠷᠢᠨ ᠲᠦᠷᠪᠡ︶ ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠳᠠᠭᠠᠳᠤ ᠶᠠᠪᠤᠯᠴᠠᠭ᠎ᠠ ᠬᠢᠭᠡᠳ ᠰᠢᠨ᠎ᠡ ᠶᠢ ᠡᠭᠦᠳᠬᠦ ᠴᠢᠳᠠᠪᠤᠷᠢ ᠶᠢᠨ ᠨᠡᠭᠡᠭᠡᠯᠲᠡ ᠬᠢᠵᠦ ᠬᠠᠮᠲᠤᠷᠠᠯᠴᠠᠬᠤ ᠲᠥᠯᠥᠪᠵᠢᠭᠦᠯᠭᠡ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠲᠣᠰ ᠭᠠᠵᠠᠷ ᠣᠷᠣᠨ ᠤ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃        ︵ᠬᠤᠷᠢᠨ ᠲᠠᠪᠤ︶ ᠭᠠᠳᠠᠭᠠᠳᠤ ᠤᠯᠤᠰ ᠤᠨ ᠣᠶᠤᠨ ᠤ ᠴᠢᠳᠠᠪᠤᠷᠢ ᠶᠢ ᠣᠷᠣᠭᠤᠯᠵᠤ ᠠᠪᠴᠢᠷᠠᠬᠤ ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠢ ᠣᠷᠣᠭᠤᠯᠤᠨ ᠠᠪᠴᠢᠷᠠᠬᠤ ᠶᠡᠷᠦᠩᠬᠡᠶ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ᠂ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ ᠲᠥᠪᠯᠡᠷᠡᠭᠦᠯᠬᠦ ᠲᠣᠭᠲᠠᠴᠠ ᠪᠠ ᠭᠤᠤᠯᠳᠠᠯᠭ᠎ᠠ ᠲᠠᠢ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠲᠠᠢ ᠬᠠᠷᠢᠯᠴᠠᠵᠤ ᠦᠢᠯᠡᠴᠢᠯᠡᠬᠦ ᠲᠣᠭᠲᠠᠴᠠ ᠪᠠᠶᠢᠭᠤᠯᠬᠤ ᠶᠢ ᠠᠬᠢᠭᠤᠯᠤᠨ᠎ᠠ᠃ ᠪᠦᠬᠦ ᠲᠣᠭᠤᠷᠢᠭ ᠤᠨ ᠤᠯᠤᠰ ︵ᠬᠢᠯᠢ︶ ᠠᠴᠠ ᠭᠠᠷᠬᠤ ᠪᠣᠯᠪᠠᠰᠤᠷᠠᠯ ᠤᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠬᠢᠨᠠᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃        ︵ᠬᠤᠷᠢᠨ ᠵᠢᠷᠭᠤᠭ᠎ᠠ ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃        ︵ᠬᠤᠷᠢᠨ ᠳᠣᠯᠤᠭ᠎ᠠ︶ ᠡᠭᠦᠷᠭᠡ ᠴᠢᠳᠠᠪᠤᠷᠢ ᠶᠢ ᠰᠢᠯᠵᠢᠭᠦᠯᠦᠨ ᠲᠤᠰᠢᠶᠠᠨ᠎ᠠ ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠲᠣᠭᠤᠷᠢᠭ ᠢᠶᠠᠨ ᠮᠠᠨᠳᠤᠭᠤᠯᠬᠤ᠂ ᠴᠢᠳᠠᠪᠤᠷᠢᠲᠠᠨ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠴᠢᠩᠭᠠᠳᠬᠠᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠦᠷᠢᠮ ᠪᠠ ᠵᠣᠬᠢᠶᠠᠨ ᠪᠠᠶᠢᠭᠤᠯᠤᠯᠲᠠ ᠶᠢᠨ ᠲᠣᠭᠳᠠᠯᠴᠠᠭ᠎ᠠ ᠶᠢ ᠲᠡᠭᠦᠯᠳᠡᠷᠵᠢᠭᠦᠯᠦᠨ᠂ ᠬᠤᠷᠸ᠎ᠠ ᠬᠠᠮᠢᠶᠠᠷᠤᠯᠲᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠪᠢᠴᠢᠯ ᠬᠠᠮᠢᠶᠠᠷᠤᠯᠲᠠ ᠪᠠ ᠪᠣᠳᠠᠲᠠᠶ ᠬᠢᠨᠠᠨ ᠵᠥᠪᠰᠢᠶᠡᠷᠡᠬᠦ ᠵᠦᠢᠯᠡᠰ ᠢ ᠪᠠᠭᠠᠰᠬᠠᠨ᠂ ᠠᠵᠢᠯ ᠬᠡᠷᠡᠭ ᠤᠨ ᠳᠤᠮᠳᠠ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠳᠤᠯᠤᠨ ᠨᠡᠭᠡᠭᠡᠬᠦ ᠬᠠᠮᠢᠶᠠᠷᠤᠯᠲᠠ ᠶᠢ ᠰᠢᠨ᠎ᠡ ᠶᠢ ᠡᠭᠦᠳᠬᠦ ᠦᠢᠯᠡᠴᠢᠯᠡᠭᠡ ᠲᠡᠶᠢᠰᠢ ᠬᠤᠪᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠪᠣᠳᠠᠲᠠᠶ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠰᠢᠭᠤᠳ ᠬᠠᠮᠢᠶᠠᠷᠬᠤ ᠥᠬᠡᠶ ᠪᠠᠶᠢᠬᠤ ᠶᠢ ᠠᠬᠢᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠲᠤᠰᠬᠠᠶ ᠪᠠᠶᠢᠭᠤᠯᠤᠮᠵᠢ ᠳᠤ ᠨᠠᠶᠢᠳᠠᠨ ᠲᠥᠷᠥᠯ ᠵᠦᠢᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠲᠣᠭᠲᠠᠭᠠᠬᠤ᠂ ᠰᠡᠳᠦᠪ ᠲᠣᠭᠲᠠᠭᠠᠬᠤ᠂ ᠶᠠᠪᠤᠴᠠ ᠶᠢᠨ ᠬᠠᠮᠢᠶᠠᠷᠤᠯᠲᠠ᠂ ᠰᠢᠯᠭᠠᠨ ᠠᠪᠬᠤ ᠵᠡᠷᠭᠡ ᠪᠣᠳᠠᠲᠠᠶ ᠠᠵᠢᠯ ᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠠ ᠲᠣᠬᠢᠷᠠᠭᠤᠯᠬᠤ ᠵᠦᠢᠯᠡᠰ ᠢ ᠬᠢᠨᠠᠨ ᠬᠠᠷᠭᠤᠭᠤᠯᠬᠤ ᠦᠭᠡᠶ ᠪᠠᠶᠢᠵᠤ᠂ ᠲᠥᠯᠥᠪᠵᠢᠭᠦᠯᠭᠡ ᠶᠢᠨ ᠪᠠᠶᠢᠷᠢᠰᠢᠭᠤᠯᠤᠯ ᠪᠠ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠶᠢ ᠴᠢᠩᠭᠠᠳᠬᠠᠬᠤ ᠪᠠᠷ ᠭᠤᠤᠯᠳᠠᠯᠭ᠎ᠠ ᠪᠣᠯᠭᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠲᠣᠭᠤᠷᠢᠭ ᠤᠨ ᠳᠣᠲᠣᠷᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠲᠣᠭᠤᠷᠢᠭ ᠤᠨ ᠭᠠᠳᠠᠨᠠᠬᠢ ᠣᠶᠤᠨ ᠴᠢᠳᠠᠪᠤᠷᠢ ᠶᠢ ᠣᠷᠣᠭᠤᠯᠤᠨ ᠠᠪᠴᠢᠷᠠᠬᠤ ᠠᠵᠢᠯ ᠢ ᠨᠢᠭᠡᠳᠦᠯᠲᠡᠶ ᠲᠥᠯᠥᠪᠯᠡᠨ᠎ᠡ᠃        ︵ᠬᠤᠷᠢᠨ ᠨᠠᠢᠮᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ᠎ᠠ᠃ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠯᠤᠭ᠎ᠠ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ  ᠶᠢ ᠬᠤᠪᠢᠶᠠᠷᠢᠯᠠᠨ᠎ᠠ᠃ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ᠂ A ᠲᠥᠷᠥᠯ ᠤᠨ ᠬᠥᠮᠦᠰ ᠤᠨ ᠲᠥᠷᠥ ᠶᠢᠨ ᠪᠣᠳᠣᠯᠭ᠎ᠠ ᠶᠢ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠵᠥᠪᠳᠡᠯᠴᠡᠨ ᠲᠣᠭᠲᠠᠭᠠᠵᠤ᠂ B ᠲᠥᠷᠥᠯ ᠪᠠ C ᠲᠥᠷᠥᠯ ᠤᠨ ᠬᠥᠮᠦᠰ ᠤᠨ ᠲᠥᠷᠥ ᠶᠢᠨ ᠪᠣᠳᠣᠯᠭ᠎ᠠ ᠶᠢ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠲᠠᠢ ᠬᠠᠮᠲᠤᠷᠠᠨ ᠵᠥᠪᠳᠡᠯᠴᠡᠵᠦ ᠪᠠᠶᠢᠭᠠᠳ ᠲᠣᠭᠲᠠᠭᠠᠨ᠎ᠠ᠃ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠤᠨ ᠵᠣᠬᠢᠶᠠᠨ ᠪᠠᠶᠢᠭᠤᠯᠤᠯᠲᠠ ᠶᠢ ᠬᠡᠷᠡᠭᠵᠢᠭᠦᠯᠬᠦ ᠲᠠᠯ᠎ᠠ ᠪᠠᠷ᠂ ᠣᠲᠣ ᠶᠢᠨ ᠪᠠᠶᠢᠭ᠎ᠠ ︽ᠭᠠᠳᠠᠭᠠᠳᠤ ᠶᠢᠨ ᠬᠥᠮᠦᠨ ᠳᠤᠮᠳᠠᠳᠤ ᠤᠯᠤᠰ ᠲᠤ ᠢᠷᠡᠵᠦ ᠠᠵᠢᠯᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ︾ ᠢ ᠦᠷᠭᠦᠯᠵᠢᠯᠡᠨ ᠬᠡᠷᠡᠭᠯᠡᠵᠦ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ ᠬᠠᠮᠢᠶᠠᠷᠴᠤ ᠬᠠᠮᠠᠭᠠᠯᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ ᠲᠣᠪᠴᠢᠶ᠎ᠠ ᠬᠠᠮᠲᠤᠷᠠᠨ ᠳᠠᠷᠤᠮᠠᠯᠯᠠᠨ ᠵᠣᠬᠢᠶᠠᠭᠰᠠᠨ ︽ᠭᠠᠳᠠᠭᠠᠳᠤ ᠶᠢᠨ ᠬᠥᠮᠦᠨ ᠤ ᠠᠵᠢᠯ ᠤᠨ ᠵᠥᠪᠰᠢᠶᠡᠷᠡᠯ ᠤᠨ ᠦᠨᠡᠮᠯᠡᠯ︾ ᠢ ᠦᠷᠭᠦᠯᠵᠢᠯᠡᠨ ᠬᠡᠷᠡᠭᠯᠡᠵᠦ᠂ A ᠲᠥᠷᠥᠯ ᠪᠠ B ᠲᠥᠷᠥᠯ ᠤᠨ ᠬᠥᠮᠦᠰ ᠤᠨ ᠠᠵᠢᠯ ᠤᠨ ᠵᠥᠪᠰᠢᠶᠡᠷᠡᠯ ᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ C ᠲᠥᠷᠥᠯ ᠤᠨ ᠬᠥᠮᠦᠰ ᠤᠨ ᠠᠵᠢᠯ ᠤᠨ ᠵᠥᠪᠰᠢᠶᠡᠷᠡᠯ ᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠶᠠᠷ ᠰᠠᠯᠠᠭ᠎ᠠ ᠮᠥᠴᠢᠷ ᠠᠵᠢᠯ ᠤᠨ ᠵᠥᠪᠰᠢᠶᠡᠷᠡᠯ ᠠᠴᠠ ᠡᠮᠦᠨ᠎ᠡ ᠴᠥᠮ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠠᠷ ᠤᠨ ᠦᠰᠦᠭ ᠵᠢᠷᠤᠨ᠎ᠠ᠃        ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ        ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠣᠯ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃ ᠪᠤᠭᠤᠲᠤ ᠬᠤᠲᠠ ᠶᠢᠨ ᠰᠢᠭᠤᠶᠢᠳᠤ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠫᠠᠶᠢᠰᠠ ᠲᠡᠮᠳᠡᠭ ᠢ ᠨᠡᠮᠡᠵᠦ ᠡᠯᠭᠦᠪᠡ᠃ ᠳᠣᠣᠷ᠎ᠠ ᠨᠢ ᠰᠢᠭᠤᠶᠢᠲᠤ ᠲᠣᠭᠤᠷᠢᠭ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠭᠠᠷᠭᠠᠵᠤ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠬᠠᠷᠢᠶ᠎ᠠ ᠲᠠᠰᠤᠭ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃        ᠭᠤᠷᠪᠠ᠂ ᠠᠵᠢᠯᠯᠠᠬᠤ ᠭᠠᠵᠠᠷ᠄ ᠰᠢᠭᠤᠶᠢᠲᠤ ᠲᠣᠭᠤᠷᠢᠭ ᠤᠨ ᠰᠢᠭᠤᠶᠢᠲᠤ ᠰᠢᠨ᠎ᠡ ᠲᠣᠭᠤᠷᠢᠭ ᠤᠨ ᠶᠢᠨ ᠵᠧᠩ ᠲᠣᠮᠣ ᠠᠰᠠᠷ ᠤᠨ A137 ᠥᠷᠥᠭᠡ        ᠳᠥᠷᠪᠡ᠂ ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ 9᠄ 00-12᠄ 00᠂ 14᠄ 00 - 17᠄ 30  ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠪᠤᠰᠤᠳ︶        ᠲᠠᠪᠤ᠂ ᠬᠠᠷᠢᠯᠴᠠᠬᠤ ᠤᠲᠠᠰᠤ᠄ 0472 – 8728806        ᠵᠢᠷᠭᠤᠭ᠎ᠠ᠂ ᠬᠠᠷᠢᠭᠤᠴᠠᠯᠭᠠᠲᠠᠨ᠄ ᠵᠧᠩ ᠯᠢ ᠮᠢᠨ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号