ᠡᠨᠡ ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠭᠤᠶᠢᠲᠤ ᠲᠣᠭᠤᠷᠢᠭ ᠨᠢ ᠨᠠᠮ ᠤᠨ ᠬᠤᠷᠢᠳᠤᠭᠠᠷ ᠶᠡᠭᠡ | ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ | ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠳᠠ ᠶᠣᠰᠣᠭᠠᠷ᠂ ᠲᠣᠭᠲᠠᠭᠤᠨ ᠲᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠬᠥᠭ | ᠠᠶᠠᠰ ᠢ ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠨᠢ ᠶᠡᠷᠦᠩᠬᠡᠢ ᠳᠡᠭᠡᠨ ᠲᠣᠭᠲᠠᠭᠤᠨ ᠬᠥᠭᠵᠢᠯᠲᠡ ᠶᠢᠨ | ᠬᠠᠨᠳᠤᠰᠢ ᠲᠠᠢ ᠪᠣᠯᠪᠠ᠃ | 1 — 10 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 21.6% ᠪᠠᠷ ᠨᠡᠮᠡᠭᠳᠡᠵᠦ᠂ ᠪᠥᠬᠦ ᠬᠤᠲᠠ ᠶᠢᠨ ᠨᠢᠭᠡᠳᠦᠭᠡᠷ ᠲᠤ | ᠵᠢᠭᠰᠠᠭᠠᠭᠳᠠᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠲᠤᠭ᠎ᠠ ᠠᠳᠠᠯᠢ | ᠬᠤᠭᠤᠴᠠᠭᠠᠨ ᠤ ᠬᠢ ᠠᠴᠠ 93.9% ᠪᠠᠷ ᠨᠡᠮᠡᠭᠳᠡᠵᠦ᠂ ᠪᠥᠬᠦ ᠬᠤᠲᠠ ᠶᠢᠨ ᠬᠤᠶᠠᠳᠤᠭᠠᠷ ᠲᠤ ᠵᠢᠭᠰᠠᠭᠠᠭᠳᠠᠪᠠ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 5.2 ᠳ᠋ᠦᠩᠰᠢᠭᠤᠷ | ᠲᠥᠭᠦᠷᠢᠭ ᠲᠤ ᠬᠦᠷᠴᠦ᠂ ᠪᠥᠬᠦ ᠬᠤᠲᠠ ᠶᠢᠨ ᠠᠷᠪᠠᠳᠤᠭᠠᠷ ᠲᠤ ᠵᠢᠭᠰᠠᠭᠠᠭᠳᠠᠪᠠ︔ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 8.6% ᠪᠠᠷ ᠨᠡᠮᠡᠭᠳᠡᠵᠦ᠂ ᠪᠥᠬᠦ ᠬᠤᠲᠠ ᠶᠢᠨ | ᠭᠤᠷᠪᠠᠳᠤᠭᠠᠷ ᠲᠤ ᠵᠢᠭᠰᠠᠭᠠᠭᠳᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠠᠳᠠᠯᠢ | ᠬᠤᠭᠤᠴᠠᠭᠠᠨ ᠤ ᠬᠢ ᠠᠴᠠ 2.6% ᠪᠠᠷ ᠪᠠᠭᠤᠷᠠᠵᠤ᠂ ᠪᠥᠬᠦ ᠬᠤᠲᠠ ᠶᠢᠨ ᠵᠢᠷᠭᠤᠳᠤᠭᠠᠷ ᠲᠤ ᠵᠢᠭᠰᠠᠭᠠᠭᠳᠠᠪᠠ᠃ | ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ 71.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12. | 4% ᠪᠠᠷ ᠨᠡᠮᠡᠭᠳᠡᠨ᠂ ᠪᠥᠬᠦ ᠬᠤᠲᠠ ᠶᠢᠨ ᠭᠤᠷᠪᠠᠳᠤᠭᠠᠷ ᠲᠤ ᠵᠢᠭᠰᠠᠭᠠᠭᠳᠠᠪᠠ︔ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 41572 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.7% ᠪᠠᠷ ᠨᠡᠮᠡᠭᠳᠡᠨ᠂ ᠪᠥᠬᠦ ᠬᠤᠲᠠ ᠶᠢᠨ ᠵᠢᠷᠭᠤᠳᠤᠭᠠᠷ ᠲᠤ ᠵᠢᠭᠰᠠᠭᠠᠭᠳᠠᠵᠤ᠂ | ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17732 ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠨ᠂ ᠪᠥᠬᠦ ᠬᠤᠲᠠ ᠶᠢᠨ ᠭᠤᠷᠪᠠᠳᠤᠭᠠᠷ ᠲᠤ | ᠵᠢᠭᠰᠠᠭᠠᠭᠳᠠᠪᠠ᠃ | |