ᠪᠠᠶᠠᠷ ᠤᠨ ᠴᠢᠮᠡᠭᠡ᠂ ᠮᠠᠨ ᠤ ᠲᠣᠭᠤᠷᠢᠭ ᠤᠨ ᠨᠢᠭᠡ ᠪᠠᠭᠤᠳᠠᠯ ᠣᠳᠣᠨ ᠲᠠᠰ ᠤᠨ ᠵᠢᠭᠤᠯᠴᠢᠯᠠᠯ ᠤᠨ ᠪᠠᠭᠤᠳᠠᠯ ᠢᠶᠠᠷ ᠲᠦᠰᠦᠪᠯᠡᠨ ᠨᠣᠳᠠᠯᠠᠭᠳᠠᠪᠠ
ᠨᠡᠶᠢᠲᠡᠯᠡᠭᠰᠡᠨ ᠴᠠᠭ᠄
2024/12/9
        11 ᠳ᠋ᠦ᠋ᠭᠡᠷ ᠰᠠᠷ᠎ᠠ ᠶᠢᠨ 25 ᠤ ᠡᠳᠦᠷ ᠂ ᠰᠢᠭᠤᠶᠢᠲᠤ ᠲᠣᠭᠤᠷᠢᠭ ᠤᠨ ᠪᠠᠳᠬᠡᠷ ᠵᠣᠣ ᠪᠠᠭᠤᠳᠠᠯ ᠪᠤᠭᠤᠲᠤ ᠬᠤᠲᠠ ᠶᠢᠨ ᠵᠢᠭᠤᠯᠴᠢᠯᠠᠯ ᠤᠨ ᠪᠠᠭᠤᠳᠠᠯ ᠤᠨ ᠰᠢᠯᠭᠠᠨ ᠲᠣᠭᠲᠠᠭᠠᠬᠤ ᠺᠣᠮᠢᠰ ᠤᠨ ᠬᠢᠨᠠᠨ ᠲᠣᠭᠲᠠᠭᠠᠯᠲᠠ ᠶᠢ ᠤᠷᠤᠭᠰᠢᠳᠠᠢ ᠥᠩᠭᠡᠷᠡᠵᠦ᠂ ᠭᠤᠷᠪᠠᠨ ᠣᠳᠣᠨ ᠳᠡᠰ ᠤᠨ ᠵᠢᠭᠤᠯᠴᠢᠯᠠᠯ ᠤᠨ ᠬᠤᠭᠤᠯᠠᠨ ᠭᠡᠷ ᠂ ᠰᠢᠭᠤᠶᠢᠲᠤ ᠲᠣᠭᠤᠷᠢᠭ ᠤᠨ ᠠᠩᠬᠠᠳᠠᠭᠴᠢ ᠭᠤᠷᠪᠠᠨ ᠣᠳᠣᠨ ᠳᠡᠰ ᠤᠨ ᠵᠢᠭᠤᠯᠴᠢᠯᠠᠯ ᠤᠨ ᠪᠠᠭᠤᠳᠠᠯ ᠢᠶᠠᠷ ᠲᠦᠰᠦᠪᠯᠡᠨ ᠨᠣᠳᠠᠯᠠᠭᠳᠠᠵᠠᠢ᠃
图片5.png
        ᠪᠠᠳᠬᠡᠷ ᠵᠣᠣ ᠪᠠᠭᠤᠳᠠᠯ        ᠪᠠᠳᠬᠡᠷ ᠵᠣᠣ ᠪᠠᠭᠤᠳᠠᠯ ᠪᠣᠯ ᠥᠪᠥᠷ ᠮᠣᠩᠭᠤᠯ ᠤᠨ ᠪᠠᠳᠬᠡᠷ ᠵᠣᠣ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠡᠵᠡᠩᠨᠡᠵᠦ ᠪᠠᠶᠢᠭ᠎ᠠ ᠨᠢᠭᠡᠨ ᠳᠡᠭᠡᠳᠦ ᠳᠡᠰ ᠤᠨ ᠪᠠᠭᠤᠳᠠᠯ ᠪᠣᠯᠤᠨ᠎ᠠ᠂ ᠪᠠᠭᠤᠳᠠᠯ ᠨᠢ ᠶᠡᠷᠦ ᠳᠡᠭᠡᠨ ︽ᠲᠠᠯ᠎ᠠ ᠨᠤᠲᠤᠭ ᠤᠨ ᠪᠤᠳᠠᠯᠠ ᠣᠷᠳᠣᠨ︾ ᠤ ᠨᠡᠷᠡᠶᠢᠳᠦᠯ ᠲᠠᠢ ᠥᠪᠥᠷ ᠮᠣᠩᠭᠤᠯ ᠤᠨ ᠬᠠᠮᠤᠭ ᠤᠨ ᠲᠣᠮᠣ ᠲᠥᠪᠡᠳ ᠤᠨ ᠪᠤᠷᠬᠠᠨ ᠤ ᠱᠠᠰᠢᠨ ᠤ ᠰᠦᠮ᠎ᠡ ᠬᠡᠶᠢᠳ ᠤᠨ ᠪᠤᠳᠠᠩᠳᠤ ᠵᠣᠣ ᠶᠢᠨ ᠦᠵᠡᠮᠵᠢ ᠶᠢᠨ ᠣᠷᠣᠨ ᠳᠤ ᠪᠠᠶᠢᠵᠤ᠂ ᠪᠤᠭᠤᠲᠤ ᠬᠤᠲᠠ ᠶᠢᠨ ᠪᠠᠷᠠᠭᠤᠨ ᠬᠤᠶᠢᠳᠤ ᠶᠢᠨ ᠮᠤᠨᠢ ᠠᠭᠤᠯᠠ ᠶᠢᠨ ᠭᠦᠨ ᠳᠤ ᠪᠠᠶᠢᠷᠢᠯᠠᠵᠤ ᠂  ᠪᠠᠭᠤᠳᠠᠯ ᠢ ᠠᠭᠤᠯᠠ ᠲᠦᠰᠢᠭᠦᠯᠦᠨ ᠪᠠᠶᠢᠭᠤᠯᠵᠤ᠂ ᠣᠷᠴᠢᠨ ᠲᠣᠭᠤᠷᠢᠨ ᠭᠤᠶᠢᠳᠠ ᠰᠠᠶᠢᠬᠠᠨ᠂ ᠲᠦᠯᠦᠪᠯᠡᠯ ᠨᠢ ᠵᠡᠷᠭᠡᠯᠡᠨ ᠵᠢᠭᠳᠡᠷᠡᠵᠦ᠂ ᠮᠠᠰᠢ ᠭᠦᠨ ᠵᠤᠵᠠᠭᠠᠨ ᠦᠨᠳᠦᠰᠦᠲᠡᠨ ᠤ ᠣᠨᠴᠠᠯᠢᠭ ᠲᠠᠢ ᠶᠤᠮ᠃ ᠪᠠᠭᠤᠳᠠᠯ ᠪᠤᠭᠤᠳᠤ ᠶᠢᠨ ᠬᠤᠳᠠ ᠶᠢᠨ ᠲᠣᠭᠤᠷᠢᠭ ᠠᠴᠠ 50 ᠺᠢᠯᠣᠮᠧᠲᠷ ᠵᠠᠶᠢᠲᠠᠢ᠃ ᠵᠠᠮ ᠤᠨ ᠪᠠᠶᠢᠳᠠᠯ ᠰᠠᠶᠢᠨ ᠪᠠᠶᠢᠵᠤ᠂ ᠵᠠᠮ ᠬᠠᠷᠢᠯᠴᠠᠭ᠎ᠠ ᠳᠥᠭᠦᠮ᠂ ᠪᠤᠭᠤᠲᠤ ᠶᠢᠨ ᠵᠡᠭᠦᠨ ᠥᠷᠲᠡᠭᠡ ᠠᠴᠠ 7 ᠳ᠋ᠤᠭᠠᠷ ᠵᠠᠮ ᠤᠨ ᠨᠡᠶᠢᠳᠡ ᠶᠢᠨ ᠮᠠᠰᠢᠨ ᠲᠡᠷᠭᠡᠨ ᠳᠤ ᠰᠠᠭᠤᠭᠠᠳ 1 ᠴᠠᠭ ᠠᠶᠠᠯᠠᠪᠠᠯ ᠳᠠᠷᠤᠢ ᠬᠦᠷᠴᠢᠬᠡᠨ᠎ᠡ᠃
图片1.png
        ᠪᠠᠳᠬᠡᠷ ᠵᠣᠣ ᠪᠠᠭᠤᠳᠠᠯ ᠤᠨ ᠵᠠᠰᠠᠵᠤ ᠴᠢᠮᠡᠭᠯᠡᠬᠦ᠂ ᠵᠢᠷᠤᠵᠤ ᠲᠥᠯᠥᠪᠯᠡᠬᠦ᠂ ᠪᠠᠭᠤᠳᠠᠯ ᠤᠨ ᠳᠣᠲᠣᠷᠠᠬᠢ ᠲᠥᠬᠦᠭᠡᠷᠦᠮᠵᠢ ᠨᠢ ᠰᠢᠨ᠎ᠡ ᠰᠣᠷᠭᠤᠭ ᠤᠷᠤᠰᠬᠠᠯ ᠲᠠᠢ ᠨᠡᠶᠢᠴᠡᠵᠦ᠂ ᠠᠰᠠᠷ  ᠤᠨ ᠥᠨᠳᠥᠷ ᠨᠢ 4 ᠳᠠᠪᠬᠤᠷᠭ᠎ᠠ ᠪᠠᠶᠢᠵᠤ᠂ ᠲᠠᠯᠠᠪᠠᠢ ᠨᠢ 3000 ᠲᠡᠭᠰᠢ ᠳᠥᠷᠪᠡᠯᠵᠢᠨ ᠮᠧᠲᠷ ᠲᠤ ᠣᠶᠢᠷᠠᠳᠴᠤ᠂ ᠪᠠᠷᠢᠯᠭ᠎ᠠ ᠶᠢᠨ ᠦᠨᠳᠦᠷ ᠨᠢ11.25 ᠮᠧᠲᠷ᠂ ᠡᠵᠡᠯᠡᠬᠦ ᠲᠠᠯᠠᠪᠠᠢ ᠨᠢ 1800 ᠭᠠᠷᠤᠢ ᠲᠡᠭᠰᠢ ᠳᠥᠷᠪᠡᠯᠵᠢᠨ ᠮᠧᠲᠷ᠂ ᠳᠣᠲᠣᠷ᠎ᠠ ᠪᠠᠨ ᠲᠣᠮᠣ ᠬᠡᠯᠪᠡᠷᠢ ᠶᠢᠨ ᠲᠡᠷᠭᠡᠨ ᠵᠣᠭᠰᠣᠭᠠᠯ 200 ᠭᠠᠷᠤᠢ᠂ ᠣᠯᠠᠨ ᠠᠷᠪᠢᠨ ᠴᠠᠭ ᠤᠷᠤᠰᠬᠠᠯᠳᠤ ᠭᠤᠴᠣ ᠰᠠᠶᠢᠬᠠᠨ ᠵᠣᠴᠢᠳ ᠤᠨ ᠦᠷᠦᠭᠡ ᠲᠠᠢ᠂ ᠪᠠᠭᠤᠳᠠᠯ ᠤᠨ ᠲᠣᠳᠤᠷ᠎ᠠ ᠬᠡᠭᠡᠨᠴᠢᠷ ᠬᠤᠣᠰ ᠤᠷᠤᠳᠤ ᠦᠷᠦᠭᠡ᠂ ᠬᠡᠭᠡᠨᠴᠢᠷ ᠢᠵᠢ ᠥᠷᠥᠭᠡ᠂ ᠡᠴᠢᠭᠡ ᠡᠬᠡ ᠦᠷ᠎ᠡ ᠬᠡᠦᠬᠡᠳ ᠤᠨ ᠥᠷᠥᠭᠡ᠂ ᠶᠡᠭᠡ ᠣᠷᠤᠳᠤ ᠦᠷᠦᠭᠡ᠂ ᠠᠭᠤᠯᠠᠨ ᠦᠵᠡᠮᠵᠢ ᠶᠢ ᠰᠤᠨᠢᠷᠬᠠᠵᠤ ᠲᠡᠶᠢᠯᠬᠦ ᠦᠷᠦᠭᠡ ᠵᠡᠷᠭᠡ 37 ᠲᠠᠰᠤᠯᠭ᠎ᠠ ᠵᠣᠴᠢᠨ ᠤ ᠦᠷᠦᠭᠡ ᠪᠠᠶᠢᠬᠤ ᠶᠢᠨ ᠬᠠᠮᠲᠤ᠂ ᠨᠢᠭᠡᠯᠡ ᠲᠡᠭᠡᠷ᠎ᠡ ᠵᠠᠭᠤᠨ ᠬᠥᠮᠦᠨ ᠢ ᠪᠠᠭᠤᠳᠠᠯ ᠳᠤ ᠰᠠᠭᠤᠯᠭᠠᠬᠤ ᠪᠠᠭᠲᠠᠭᠠᠮᠵᠢᠲᠠᠢ᠂ ᠥᠷᠥᠭᠡ ᠪᠦᠷᠢ ᠨᠢ ᠪᠠᠷᠤᠭ 30 ᠲᠡᠭᠰᠢ ᠳᠥᠷᠪᠡᠯᠵᠢᠨ ᠮᠧᠲᠷ ᠪᠠᠶᠢᠵᠤ᠂ ᠪᠣᠢ ᠪᠦᠬᠦᠢ ᠵᠣᠴᠢᠨ ᠤ ᠦᠷᠦᠭᠡ ᠶᠢ ᠴᠥᠮ ᠨᠡᠷᠡᠳᠦ ᠬᠦᠮᠦᠨ ᠢᠶᠠᠷ ᠲᠦᠯᠦᠪᠯᠡᠭᠦᠯᠵᠦ ᠂ ᠨᠠᠷᠢᠨ ᠨᠢᠮᠪᠠᠢ ᠪᠠᠶᠢᠷᠢᠯᠠᠭᠤᠯᠵᠤ᠂ ᠲᠣᠨᠤᠭ ᠲᠦᠭᠦᠭᠡᠷᠦᠮᠵᠢ ᠨᠢ ᠲᠡᠭᠡᠳᠦ ᠲᠡᠰ ᠤᠨ ᠮᠦᠷᠳᠡᠭᠡᠨ ᠪᠦᠷᠢᠨ ᠭᠦᠢᠴᠡᠳ᠂ ᠬᠡᠪ ᠨᠠᠮᠪᠠ ᠨᠢ ᠲᠤᠯᠠᠭᠠᠨ ᠲᠠᠭᠠᠯᠠᠮᠵᠢᠲᠠᠢ᠂ ᠣᠷᠴᠢᠨ ᠲᠣᠭᠤᠷᠢᠨ ᠨᠢ ᠭᠤᠶᠤ ᠲᠠᠪᠠᠳᠠᠢ᠂ ᠡᠮᠦᠨ᠎ᠡ ᠤᠮᠠᠷ᠎ᠠ ᠲᠠᠯ᠎ᠠ  ᠳᠤᠨᠢ ᠪᠦᠷ ᠴᠣᠩᠬᠤ ᠤᠭᠰᠠᠷᠠᠵᠤ᠂ ᠭᠡᠷᠡᠯ ᠱᠤᠭᠤᠮ ᠨᠢ ᠭᠦᠢᠴᠡᠳ ᠪᠠᠶᠢᠳᠠᠭ᠂ ᠡᠭᠦᠨ ᠤ ᠬᠠᠮᠲᠤ ᠰᠦᠢᠳᠬᠡᠯ ᠬᠤᠷᠢᠶᠠᠬᠤ ᠦᠭᠡᠶ ᠪᠠᠷ ᠰᠦᠯᠵᠢᠶᠡᠨ ᠳᠤ ᠭᠠᠷᠬᠤ᠂ ᠲᠠᠩ ᠬᠦᠮᠦᠨ ᠤ ᠰᠦᠷᠴᠢᠮᠡᠯ ᠤᠬᠢᠶᠠᠯᠭ᠎ᠠ ᠶᠢᠨ ᠲᠠᠰᠤᠭ᠂ ᠬᠦᠢᠲᠡᠨ ᠬᠠᠯᠠᠭᠤᠨ ᠤᠰᠤᠨ ᠤ ᠲᠥᠬᠦᠭᠡᠷᠦᠮᠵᠢ᠂ ᠳᠠᠭᠠᠭᠤᠯᠢ ᠣᠳᠣᠨ ᠲᠧᠯᠸᠢᠰ᠂ ᠡᠯᠧᠺᠲᠷᠣᠨ ᠡᠭᠦᠳᠡᠨ ᠬᠤᠷᠢᠭ᠎ᠠ ᠶᠢᠨ ᠰᠢᠰᠲ᠋ᠧᠮ ᠵᠡᠷᠭᠡ ᠶᠢ ᠲᠤᠬᠢᠷᠠᠭᠤᠯᠵᠠᠢ᠃
        ᠪᠠᠭᠤᠳᠠᠯ ᠤᠨ ᠬᠤᠭᠤᠯᠠᠨ ᠭᠡᠷ ᠲᠤ ᠨᠡᠶᠢᠲᠡ 300ᠰᠠᠭᠤᠳᠠᠯ ᠲᠠᠢ᠂ ᠭᠤᠣᠯᠳᠠᠭᠤ 1000 ᠲᠡᠭᠰᠢ ᠳᠥᠷᠪᠡᠯᠵᠢᠨ ᠮᠧᠲᠷ ᠤᠨ 6 ᠲᠠᠰᠤᠯᠭ᠎ᠠ ᠳᠠᠶᠢᠯᠠᠯᠭ᠎ᠠ ᠶᠢᠨ ᠲᠢᠩᠬᠢᠮ ᠪᠠ ᠳᠡᠭᠡᠳᠦ ᠲᠠᠰ ᠤᠨ ᠬᠡᠭᠡᠨᠴᠢᠷ ᠲᠤᠰᠬᠠᠢ ᠥᠷᠥᠭᠡ ᠲᠠᠢ᠂ ᠳᠠᠶᠢᠯᠠᠯᠭ᠎ᠠ ᠶᠢᠨ ᠲᠢᠩᠬᠢᠮ ᠳᠤ ᠣᠶᠤᠨᠴᠢ ᠬᠤᠷᠠᠯ ᠤᠨ ᠰᠢᠰᠲ᠋ᠧᠮ ᠲᠠᠢ ᠪᠠᠶᠢᠵᠤ᠂ ᠠᠵᠤ ᠠᠬᠤᠶᠢᠯᠠᠯ ᠂ ᠨᠡᠶᠢᠭᠡᠮ ᠤᠨ ᠪᠦᠯᠬᠦᠮ ᠳᠤ ᠣᠨ ᠤ ᠬᠤᠷᠠᠯ᠂ ᠤᠷᠠᠨ ᠰᠠᠶᠢᠬᠠᠨ ᠤ ᠲᠣᠭᠯᠠᠯᠲᠠ᠂ ᠡᠪᠯᠡᠯ ᠤᠨ ᠪᠠᠶᠢᠭᠤᠯᠤᠯᠲᠠ ᠶᠢᠨ ᠪᠣᠯᠪᠠᠰᠤᠷᠠᠯ ᠵᠡᠷᠭᠡ ᠦᠢᠯᠡᠴᠢᠯᠡᠭᠡ ᠬᠠᠩᠭᠠᠵᠤ ᠪᠣᠯᠤᠨ᠎ᠠ︔ ᠵᠠᠭᠤᠰᠢᠨ ᠤ ᠲᠦᠷᠦᠯ ᠵᠦᠢᠯ ᠭᠤᠤᠯᠳᠠᠭᠤ ᠮᠣᠩᠭᠤᠯ ᠬᠤᠭᠤᠯᠠ᠂ ᠲᠥᠪᠡᠳ ᠬᠤᠭᠤᠯᠠ ᠪᠠᠷ ᠭᠤᠤᠯ ᠪᠣᠯᠭᠠᠵᠤ᠂ ᠪᠠᠴᠠᠭ ᠢᠳᠡᠭᠡᠨ ᠢᠶᠠᠷ ᠣᠨᠴᠠᠯᠢᠭ ᠪᠣᠯᠭᠠᠵᠤ᠂ ᠵᠤᠭᠠᠴᠠᠭᠰᠠᠳ ᠢ ᠨᠢᠭᠡ ᠭᠠᠵᠠᠷ ᠲᠤ ᠭᠤᠷᠪᠠᠨ ᠵᠦᠢᠯ ᠤᠨ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠲᠥᠷᠥᠯ ᠤᠨ ᠣᠨᠴᠠᠯᠢᠭᠲᠤ ᠠᠮᠲᠠᠲᠤ ᠢᠳᠡᠭᠡᠨ ᠢ ᠣᠶᠢᠯᠠᠭᠠᠭᠤᠯᠳᠠᠭ᠃ ᠪᠠᠳᠬᠡᠷ ᠵᠣᠣ ᠪᠠᠭᠤᠳᠠᠯ ᠨᠢ ᠵᠤᠭᠠᠴᠠᠭᠰᠠᠳ  ᠲᠤ ᠨᠢᠭᠡ ᠲᠤᠯᠠᠭᠠᠨ ᠲᠠᠭᠠᠯᠠᠮᠵᠢᠲᠠᠢ ᠮᠥᠷᠲᠡᠭᠡᠨ ᠰᠠᠨᠠᠭᠠᠨ ᠠᠴᠠ ᠭᠠᠳᠠᠭᠤᠷ ᠥᠨᠳᠥᠷ ᠶᠠᠰᠤ ᠴᠢᠨᠠᠷᠳᠤ ᠣᠶᠢᠯᠠᠭᠠᠯᠳᠠ ᠶᠢ ᠲᠦᠷᠦᠭᠳᠡᠭᠦᠯᠵᠦ ᠦᠭᠬᠦ ᠪᠠᠷ ᠬᠦᠴᠦᠯᠡᠨ ᠴᠢᠷᠮᠠᠶᠢᠵᠤ᠂ ᠠᠳᠠᠯᠢ ᠪᠤᠰᠤ ᠬᠡᠷᠡᠭᠴᠡᠭᠡ ᠪᠦᠬᠦᠢ ᠵᠤᠭᠠᠴᠠᠭᠰᠠᠳ ᠲᠤ ᠣᠯᠠᠨ ᠶᠠᠩᠵᠤ ᠶᠢᠨ ᠬᠤᠨᠤᠭ ᠤᠨ ᠰᠣᠩᠭᠤᠯᠲᠠ ᠬᠠᠩᠭᠠᠵᠤ᠂ ᠠᠮᠠᠷᠠᠵᠤ ᠰᠠᠭᠤᠬᠤ  ᠶᠢᠨ ᠬᠤᠣᠰ ᠵᠤᠭ᠎ᠠ ᠴᠡᠩᠭᠡᠯ ᠢ ᠣᠯᠭᠤᠵᠤ᠂ ᠲᠠᠨ ᠤ ᠰᠡᠯᠡᠭᠦᠴᠡᠨ ᠠᠮᠠᠷᠠᠬᠤ ᠬᠦᠰᠡᠯᠡᠩ ᠤᠨ ᠲᠡᠷᠢᠭᠦᠨ ᠰᠣᠩᠭᠤᠯᠲᠠ ᠪᠣᠯᠬᠤ ᠶᠣᠮ
图片4.png
 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号