ᠰᠢᠭᠤᠶᠢᠳᠤ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠱᠠᠩᠬᠠᠢ ᠬᠤᠲᠠ ᠶᠢᠨ ᠵᠢᠶᠠ ᠳ᠋ᠢᠩ ᠲᠣᠭᠤᠷᠢᠭ ᠤᠨ ᠬᠤᠸᠠ ᠵᠢᠶᠠᠩ ᠳᠤᠮᠳᠠᠳᠤ ᠰᠤᠷᠭᠠᠭᠤᠯᠢ ᠲᠠᠢ ᠰᠤᠷᠭᠠᠭᠤᠯᠢ ᠶᠢᠨ ᠬᠤᠭᠤᠷᠣᠨᠳᠣᠬᠢ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/9
        ᠣᠶᠢᠷ᠎ᠠ ᠳᠤ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠭᠦᠯᠵᠦ᠂ ᠪᠠᠭᠰᠢ ᠶᠢᠨ ᠲᠤᠰᠬᠠᠢ ᠮᠡᠷᠭᠡᠵᠢᠯ ᠤᠨ ᠬᠥᠭᠵᠢᠯᠲᠡ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠡᠭᠡᠭᠰᠢᠯᠡᠭᠦᠯᠬᠦ ᠶᠢᠨ ᠲᠥᠯᠥᠭᠡ᠂ ᠰᠢᠭᠤᠶᠢᠳᠤ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠱᠠᠩᠬᠠᠢ ᠬᠤᠲᠠ ᠶᠢᠨ ᠵᠢᠶᠠ ᠳ᠋ᠢᠩ ᠲᠣᠭᠤᠷᠢᠭ ᠤᠨ ᠬᠤᠸᠠ ᠵᠢᠶᠠᠩ ᠳᠤᠮᠳᠠᠳᠤ ᠰᠤᠷᠭᠠᠭᠤᠯᠢ ᠲᠠᠢ ᠰᠤᠷᠭᠠᠭᠤᠯᠢ ᠶᠢᠨ ᠬᠤᠭᠤᠷᠣᠨᠳᠣᠬᠢ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ᠃ ᠬᠤᠶᠠᠷ ᠰᠤᠷᠭᠠᠭᠤᠯᠢ 2024 ᠣᠨ ᠤ 8 ᠳ᠋ᠤᠭᠠᠷ ᠰᠠᠷ᠎ᠠ ᠳᠤ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠬᠢᠭᠤᠯᠤᠯ ᠳᠣᠤᠷ᠎ᠠ ᠨᠥᠬᠦᠷᠰᠡᠭ ᠬᠤᠤᠰᠯᠠᠯ ᠪᠠᠶᠢᠭᠤᠯᠤᠭᠰᠠᠨ ᠰᠤᠷᠭᠠᠭᠤᠯᠢ ᠪᠣᠯᠪᠠ᠃ ᠲᠣᠰ ᠤᠳᠠᠭᠠᠨ ᠤ ᠠᠵᠢᠯᠯᠠᠭ᠎ᠠ ᠨᠢ ᠠᠵᠢᠯ ᠤᠨ ᠪᠠᠶᠢᠷᠢ ᠪᠠᠨ ᠳᠠᠭᠠᠵᠤ ᠪᠣᠯᠪᠠᠰᠤᠷᠠᠬᠤ ᠪᠠ ᠵᠢᠭᠠᠨ ᠰᠤᠳᠤᠯᠬᠤ ᠠᠵᠢᠯᠯᠠᠭ᠎ᠠ ᠪᠠᠷ ᠭᠤᠤᠯ ᠬᠡᠯᠪᠡᠷᠢ ᠪᠣᠯᠭᠠᠵᠤ᠂ ᠬᠤᠶᠠᠷ ᠰᠤᠷᠭᠠᠭᠤᠯᠢ ᠶᠢᠨ ᠬᠤᠭᠤᠷᠣᠨᠳᠣᠬᠢ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃
微信图片_20241209101951.jpg
        ᠠᠵᠢᠯᠯᠠᠭ᠎ᠠ ᠶᠢᠨ ᠬᠤᠭᠤᠴᠠᠭᠠᠨ ᠳᠤ᠂ ᠰᠢᠭᠤᠶᠢᠲᠤ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠣᠯᠤᠭᠠᠨ ᠬᠥᠮᠦᠨ ᠤ ᠰᠤᠷᠪᠤᠯᠵᠢᠯᠠᠭ᠎ᠠ ᠶᠢᠨ ᠪᠦᠯᠬᠦᠮ ᠬᠤᠸᠠ ᠵᠢᠶᠠᠩ ᠳᠤᠮᠳᠠᠳᠤ ᠰᠤᠷᠭᠠᠭᠤᠯᠢ ᠶᠢᠨ ᠤᠳᠤᠷᠢᠳᠤᠯᠭ᠎ᠠ ᠪᠣᠯᠤᠨ ᠪᠠᠭᠰᠢ ᠨᠠᠷ ᠲᠠᠢ ᠪᠦᠬᠦ ᠲᠠᠯ᠎ᠠ ᠪᠠᠷ ᠠᠵᠢᠯ ᠤᠨ ᠪᠠᠶᠢᠷᠢ ᠪᠠᠨ ᠳᠠᠭᠠᠵᠤ ᠰᠤᠷᠤᠯᠴᠠᠭᠰᠠᠨ ᠪᠥᠭᠡᠳ ᠡᠯ᠎ᠡ ᠵᠦᠢᠯ ᠤᠨ ᠬᠤᠷᠠᠯ ᠳᠤ ᠣᠷᠣᠯᠴᠠᠵᠤ᠂ ᠤᠢᠢᠷ᠎ᠠ ᠵᠠᠶ ᠠᠴᠠ ᠲᠡᠷᠢᠭᠦᠨ ᠤ ᠭᠠᠵᠠᠷ ᠣᠷᠣᠨ ᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠪᠣᠯᠤᠨ ᠠᠷᠭ᠎ᠠ ᠲᠠᠢ ᠵᠣᠯᠭᠠᠭᠤᠯᠵᠠᠢ᠃        1.ᠠᠳᠠᠯᠢ ᠬᠢᠴᠢᠶᠡᠯ ᠤᠨ ᠣᠨᠳᠣᠣᠰᠢᠯ        ᠠᠳᠠᠯᠢ ᠨᠢᠭᠡᠨ ᠭᠢᠴᠢᠶᠡᠯ ᠤᠨ ᠰᠡᠳᠦᠪ ᠤᠨ ᠡᠮᠦᠨ᠎ᠡ᠂ ᠪᠠᠭᠰᠢ ᠨᠠᠷ ᠬᠢᠴᠢᠶᠡᠯ ᠤᠨ ᠪᠠᠷᠢᠮᠵᠢᠶ᠎ᠠ ᠶᠢ ᠦᠨᠳᠦᠰᠦᠯᠡᠨ ᠵᠢᠭᠠᠨ ᠰᠤᠷᠭᠠᠯᠲᠠ ᠶᠢᠨ ᠬᠠᠷᠠᠯᠲᠠ ᠪᠠᠨ ᠲᠣᠭᠲᠠᠭᠠᠵᠤ᠂ ᠵᠢᠭᠠᠬᠤ ᠮᠠᠲ᠋ᠧᠷᠢᠶᠠᠯ ᠢ ᠪᠡᠶ᠎ᠡ ᠪᠠᠨ ᠲᠠᠭᠠᠭᠠᠨ ᠰᠤᠳᠤᠯᠵᠤ᠂ ᠵᠢᠭᠠᠬᠤ ᠲᠥᠰᠦᠯ ᠢ ᠨᠠᠷᠢᠨ ᠨᠢᠮᠪᠠᠶ ᠵᠢᠷᠤᠭᠯᠠᠨ ᠲᠥᠯᠥᠪᠯᠡᠵᠦ᠂ ᠲᠤᠰ ᠲᠤᠰ ᠤᠨ ᠠᠳᠠᠯᠢ ᠪᠤᠰᠤ ᠵᠢᠭᠠᠨ ᠰᠤᠷᠭᠠᠯᠲᠠ ᠶᠢᠨ ᠬᠡᠪ ᠨᠠᠮᠪᠠ ᠶᠢ ᠢᠯᠡᠷᠡᠭᠦᠯᠦᠭᠰᠡᠨ ᠪᠠᠶᠢᠨ᠎ᠠ᠃ ᠬᠢᠴᠢᠶᠡᠯ ᠦᠨᠡᠯᠡᠬᠦ ᠭᠤᠭᠴᠤᠭ᠎ᠠ ᠳᠤ᠂ ᠣᠯᠠᠨ ᠢᠶᠠᠷ ᠢᠶᠠᠨ ᠥᠪᠡᠷ ᠥᠪᠡᠷ ᠤᠨ ᠰᠠᠨᠠᠯ ᠢᠶᠠᠨ ᠶᠠᠷᠢᠵᠤ᠂ ᠵᠢᠭᠠᠨ ᠰᠤᠷᠭᠠᠯᠲᠠ ᠶᠢᠨ ᠲᠤᠷᠰᠢᠯᠭ᠎ᠠ ᠪᠠ ᠵᠢᠭᠠᠨ ᠰᠤᠷᠭᠠᠯᠲᠠ ᠶᠢᠨ ᠠᠷᠭ᠎ᠠ ᠪᠠᠨ ᠬᠤᠪᠢᠶᠠᠯᠴᠠᠨ᠂ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠪᠠᠨ ᠬᠡᠷᠬᠢᠨ ᠨᠠᠩ ᠰᠠᠶᠢᠨ ᠳᠡᠭᠡᠭᠰᠢᠯᠡᠭᠦᠯᠬᠦ ᠶᠢ ᠬᠠᠮᠲᠤ ᠪᠠᠷ ᠰᠦᠪᠡᠭᠴᠢᠯᠡᠪᠡ᠃
        2. ᠰᠤᠷᠭᠠᠭᠤᠯᠢ ᠶᠢᠨ ᠭᠠᠲᠠᠨᠠᠭᠢ ᠰᠣᠷᠭᠠᠨ ᠬᠦᠮᠣᠵᠢᠯ ᠤᠨ ᠣᠢᠢᠯᠠᠲᠣᠯᠭᠡ ᠶᠢᠨ ᠰᠠᠭᠤᠷᠢᠠ ᠭᠠᠵᠠᠷ ᠢ ᠳᠣᠭᠤᠷᠢᠠ ᠣᠢᠵᠠᠪᠠ        ᠰᠤᠷᠤᠭᠴᠢᠳ ᠦᠨᠡᠨ ᠪᠣᠳᠠᠲᠠᠶ ᠣᠷᠴᠢᠨ ᠲᠣᠭᠤᠷᠢᠨ ᠳᠤ ᠥᠪᠡᠷ ᠤᠨ ᠭᠠᠷ ᠬᠥᠳᠡᠯᠬᠦ ᠴᠢᠳᠠᠪᠤᠷᠢ ᠪᠣᠯᠤᠨ ᠰᠢᠨ᠎ᠡ ᠶᠢ ᠡᠭᠦᠳᠬᠦ ᠰᠡᠳᠬᠢᠬᠦᠶ ᠪᠠᠨ ᠳᠠᠪᠲᠠᠨ ᠪᠣᠯᠪᠠᠰᠤᠷᠠᠭᠤᠯᠵᠤ᠂ ᠰᠣᠷᠣᠭᠰᠠᠨ ᠢᠶᠠᠨ ᠬᠡᠷᠡᠭᠯᠡᠬᠦ ᠶᠢ ᠦᠨᠡᠨ ᠬᠦ ᠪᠡᠶᠡᠯᠡᠭᠦᠯᠪᠡ᠃
微信图片_20241209102017.jpg
        3. ︽ᠲᠦᠷᠪᠡᠨ ᠴᠢᠭᠯᠡᠯ︾ ᠪᠠᠭᠠᠴᠤᠳ ᠤᠨ ︽ᠳᠦᠷᠪᠡᠨ ᠰᠠᠶᠢᠬᠠᠨ︾ ᠰᠢᠷᠢᠰ ᠭᠤᠣᠯ ᠰᠡᠳᠦᠪᠲᠦ ᠠᠩᠭᠢ ᠶᠢᠨ ᠬᠤᠷᠠᠯ ᠳᠤ ᠣᠷᠤᠯᠴᠠᠪᠠ        ᠠᠩᠭᠢ ᠶᠢᠨ ᠬᠤᠷᠠᠯ ᠤᠨ ᠬᠡᠯᠪᠡᠷᠢ ᠨᠢ ᠰᠢᠨ᠎ᠡ ᠰᠣᠷᠭᠤᠭ᠂ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ︽ᠳᠥᠷᠪᠡᠨ ᠴᠢᠭᠯᠡᠯ︾ ᠤᠨ ᠶᠣᠰᠣ ᠰᠤᠷᠲᠠᠬᠤᠨ ᠤ ᠬᠥᠮᠦᠵᠢᠯ ᠤᠨ ᠭᠤᠤᠯ ᠱᠤᠭᠤᠮ ᠢᠶᠠᠷ᠂ ᠬᠤᠷᠠᠯ ᠤᠨ ᠳᠠᠷᠠᠭ᠎ᠠ ᠣᠨ ᠪᠠ ᠰᠤᠷᠭᠠᠭᠤᠯᠢ ᠶᠢᠨ ᠲᠠᠰ ᠤᠨ ᠬᠤᠶᠠᠷ ᠳᠠᠪᠬᠤᠷᠭ᠎ᠠ ᠠᠴᠠ ᠰᠤᠳᠤᠯᠤᠨ ᠶᠠᠷᠢᠯᠴᠠᠵᠤ᠂ ᠰᠤᠷᠪᠤᠯᠵᠢᠯᠠᠨ ᠰᠤᠷᠤᠯᠴᠠᠬᠤ ᠪᠦᠯᠬᠦᠮ ᠢ ᠭᠦᠨ ᠰᠡᠩᠬᠡᠷᠡᠭᠦᠯᠪᠡ᠃
        4. ᠶᠢᠰᠦᠲᠦᠭᠡᠷ ᠤᠨ ᠤ ᠭᠡᠷ ᠤᠨ ᠠᠬᠠᠮᠠᠳ ᠤᠨ ᠬᠤᠷᠠᠯ ᠳᠤ ᠤᠷᠤᠯᠴᠠᠪᠠ        ᠣᠯᠠᠨ ᠢᠶᠠᠷ ᠢᠶᠠᠨ ᠬᠤᠸᠠ ᠵᠢᠶᠠᠩ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠠᠬᠢ ᠬᠠᠮᠲᠤ ᠪᠠᠷ ᠪᠤᠶᠢᠵᠢᠭᠤᠯᠬᠤ ᠲᠠᠯ᠎ᠠ ᠪᠠᠷ ᠬᠢ ᠢᠯᠡᠷᠬᠡᠶ ᠣᠨᠴᠠᠯᠢᠭ ᠵᠢᠴᠢ ᠡᠶ᠎ᠡ ᠵᠣᠬᠢᠴᠠᠯ ᠲᠠᠢ ᠰᠤᠷᠭᠠᠨ ᠬᠥᠮᠦᠵᠢᠯ ᠤᠨ ᠠᠮᠢ ᠠᠬᠤᠶ ᠶᠢ ᠪᠠᠶᠢᠭᠤᠯᠬᠤ ᠲᠠᠯ᠎ᠠ ᠪᠠᠷ ᠬᠢ ᠴᠢᠷᠮᠠᠶᠢᠯᠭ᠎ᠠ ᠪᠠ ᠦᠷ᠎ᠡ ᠪᠦᠲᠦᠭᠡᠯ ᠢ ᠣᠯᠵᠤ ᠦᠵᠡᠪᠡ᠃
        5. ᠱᠠᠩᠬᠠᠢ ᠶᠢᠨ ᠹᠧᠩ ᠪᠢᠨ ᠲᠠᠭᠡᠲᠤ ᠵᠠᠷᠭᠡ ᠶᠢᠨ ᠳᠣᠮᠲᠠᠲᠤ ᠰᠣᠷᠭᠠᠭᠤᠯᠢ ᠶᠢᠨ ᠰᠣᠷᠭᠠᠭᠤᠯᠢ ᠶᠢᠨ ᠨᠠᠭᠡᠭᠡᠯᠲᠠ ᠶᠢᠨ ᠡᠳᠦᠷ ᠲᠤ ᠣᠷᠤᠯᠴᠠᠪᠠ
        ᠰᠢᠭᠤᠶᠢᠳᠤ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠣᠷᠪᠤᠯᠵᠢᠯᠠᠨ ᠰᠤᠷᠤᠯᠴᠠᠬᠤ ᠪᠦᠯᠬᠦᠮ ᠨᠢ ᠲᠤᠰ ᠤᠳᠠᠭᠠᠨ ᠤ ᠰᠤᠷᠭᠠᠭᠤᠯᠢ ᠶᠢᠨ ᠬᠤᠭᠤᠷᠣᠨᠳᠣᠬᠢ ᠰᠣᠯᠢᠯᠴᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠲᠡᠷᠢᠭᠦᠨ ᠤ ᠵᠢᠭᠠᠨ ᠰᠤᠷᠭᠠᠯᠲᠠ ᠶᠢᠨ ᠣᠢᠯᠠᠭᠠᠭᠳᠠᠬᠤᠨ ᠪᠠ ᠠᠷᠭ᠎ᠠ ᠶᠢ ᠰᠤᠷᠴᠤ ᠠᠪᠤᠭᠰᠠᠨ ᠢᠶᠠᠷ ᠪᠠᠷᠠᠬᠤ ᠦᠭᠡᠢ᠂ ᠪᠠᠰᠠ ᠬᠠᠷᠠᠭ᠎ᠠ ᠪᠣᠯᠣᠨ ᠰᠡᠳᠬᠢᠬᠦᠢ ᠪᠠᠨ ᠥᠷᠭᠡᠳᠭᠡᠵᠦ᠂ ᠨᠡᠩ ᠴᠤ ᠴᠢᠷᠮᠠᠢᠬᠤ ᠴᠢᠭᠯᠡᠯ ᠢᠶᠠᠨ ᠲᠣᠳᠣᠷᠬᠠᠢᠯᠠᠭᠰᠠᠨ ᠪᠠᠢᠨ᠎ᠠ᠃ ᠳᠠᠷᠠᠭᠠᠴᠢ ᠶᠢᠨ ᠠᠯᠬᠤᠮ ᠳᠤ᠂ ᠬᠤᠶᠠᠷ ᠰᠤᠷᠭᠠᠭᠤᠯᠢ ᠪᠠᠰᠠ ᠬᠠᠮᠲᠤᠷᠠᠯᠴᠠᠭ᠎ᠠ ᠪᠠ ᠰᠣᠯᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠰᠤᠷᠭᠠᠨ ᠬᠥᠮᠦᠵᠢᠯ ᠤᠨ ᠬᠤᠣᠰ ᠴᠡᠴᠡᠭ ᠨᠡᠩ ᠦᠵᠡᠰᠬᠦᠯᠡᠨᠩᠳᠦ ᠰᠠᠶᠢᠬᠠᠨ ᠭᠡᠷᠡᠯ ᠭᠢᠯᠪᠠᠭ᠎ᠠ ᠪᠠᠨ ᠰᠠᠴᠤᠷᠠᠭᠤᠯᠵᠤ ᠲᠡᠶᠢᠯᠬᠦ ᠳᠤ ᠢᠲᠡᠭᠡᠵᠦ ᠪᠠᠶᠢᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号