ᠰᠦᠨ ᠶᠤᠸᠠᠢ
ᠨᠡᠶᠢᠲᠡᠯᠡᠭᠰᠡᠨ ᠴᠠᠭ᠄
2024/2/16
ᠠᠵᠢᠯ ᠤᠨ ᠬᠤᠪᠢᠶᠠᠷᠢᠯᠠᠯ᠄       ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ ᠰᠦᠨ ᠶᠤᠸᠠᠢ ᠲᠣᠭᠤᠷᠢᠭ ᠤᠨ ᠳᠠᠷᠤᠭ᠎ᠠ ᠶᠢ ᠬᠠᠮᠵᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠳ᠋ᠠ ᠹᠠ ᠵᠡᠭᠡᠯᠢ ᠭᠤᠳᠤᠮᠵᠢ ᠵᠡᠷᠭᠡ ᠠᠵᠢᠯ ᠢ ᠬᠠᠷᠢᠭᠤᠴᠠᠨ᠎ᠠ᠃        ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠦᠢᠯᠡᠴᠢᠯᠡᠭᠡᠨ ᠤ ᠲᠥᠪ᠂ ᠳ᠋ᠠ ᠹᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠤᠪᠢᠳᠠᠨ ᠬᠠᠮᠢᠶᠠᠷᠤᠨ᠎ᠠ᠃ᠲᠣᠭᠤᠷᠢᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠬᠠᠮ ᠵᠠᠭᠤᠴᠢᠯᠠᠭᠤᠷ ᠤᠨ ᠲᠥᠪ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠠᠢ ᠬᠠᠷᠢᠯᠴᠠᠨ᠎ᠠ᠃ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠲᠣᠪᠴᠢ ᠨᠠᠮᠲᠠᠷ᠄        ᠰᠦᠨ ᠶᠤᠸᠠᠢ᠂ ᠡᠮᠡᠭᠲᠡᠢ᠂ ᠬᠢᠲᠠᠳ ᠦᠨᠳᠦᠰᠦᠲᠡᠨ᠂ 1981 ᠣᠨ ᠤ 9 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ᠂ ᠮᠠᠰᠲ᠋ᠧᠷ ᠴᠣᠯᠠ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃        ᠤᠳᠤ ᠰᠢᠭᠤᠶᠢᠲᠤ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号