ᠵᠢᠪᠬᠤᠯᠠᠩᠲᠤ ᠭᠠᠴᠠᠭᠠᠨ ᠤ ᠵᠡᠮᠳᠡᠭᠴᠦᠳ ᠤᠨ ᠨᠡᠶᠢᠭᠡᠮᠯᠢᠭ ᠡᠷᠦᠬᠡ ᠳᠤ ᠣᠷᠣᠵᠤ ᠵᠡᠮᠳᠡᠭᠴᠦᠳ ᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/2/18
         ᠣᠶᠢᠷ᠎ᠠ ᠳᠤ᠂ ᠵᠡᠮᠳᠡᠭᠴᠦᠳ ᠢ ᠲᠡᠳᠬᠦᠵᠦ ᠪᠠᠭᠤᠷᠠᠢ ᠶᠢ ᠲᠤᠰᠠᠯᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠶᠡᠬᠡᠪᠡᠷ ᠪᠠᠳᠠᠷᠠᠭᠤᠯᠵᠤ᠂ ᠬᠠᠷᠢᠶᠠᠲᠤ ᠣᠷᠣᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠵᠢᠬᠤᠯᠤᠳᠤ ᠭᠠᠴᠠᠭᠠᠨ ᠤ ᠵᠡᠮᠳᠡᠭᠴᠦᠳ ᠤᠨ ᠨᠡᠶᠢᠭᠡᠮᠯᠢᠭ ᠠᠴᠠ ᠵᠡᠮᠳᠡᠭᠴᠦᠳ ᠤᠨ ᠡᠷᠦᠬᠡ ᠳᠤ ᠬᠦᠷᠴᠦ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ᠃        ᠬᠠᠷᠢᠶ᠎ᠠ ᠣᠷᠣᠨ ᠤ ᠰᠣᠨᠣᠷ ᠤᠨ ᠭᠤᠷᠪᠠᠳᠤᠭᠠᠷ ᠳᠡᠰ ᠤᠨ ᠵᠡᠮᠳᠡᠭ ᠸᠠᠩ ᠠᠨᠢᠶ᠎ᠠ ᠶᠢᠨ ᠭᠡᠷ ᠲᠤ ᠬᠦᠷᠴᠦ᠂ ᠠᠵᠢᠯᠲᠠᠳ ᠵᠡᠮᠳᠡᠭᠴᠦᠳ ᠢ ᠬᠠᠪᠰᠤᠷᠤᠨ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠠᠵᠢᠯᠲᠠᠨ ᠰᠢᠶᠧ ᠮᠧᠶ ᠶᠦᠨ ᠵᠡᠮᠳᠡᠭᠴᠦᠳ ᠤᠨ ᠲᠤᠰᠬᠠᠭᠰᠠᠨ ᠬᠡᠷᠡᠭᠴᠡᠭᠡ ᠱᠠᠭᠠᠷᠳᠠᠯᠭ᠎ᠠ ᠪᠠ ᠬᠦᠴᠢᠷᠳᠡᠯ ᠳᠤ ᠨᠠᠷᠢᠨ ᠲᠣᠳᠣᠷᠬᠠᠢ ᠲᠡᠮᠳᠡᠭᠯᠡᠯ ᠬᠢᠭᠰᠡᠨ ᠪᠥᠭᠡᠳ ᠲᠡᠳᠡᠨ ᠳᠤ ᠶᠠᠮᠠᠷ ᠬᠡᠷᠡᠭᠴᠡᠭᠡ ᠲᠠᠢ ᠪᠣᠯ ᠴᠠᠭ ᠲᠤᠬᠠᠢ ᠳᠤᠨᠢ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ᠲᠠᠢ ᠬᠠᠷᠢᠯᠴᠠᠵᠤ᠂ ᠭᠠᠴᠠᠭᠠᠨ ᠤ ᠵᠡᠮᠳᠡᠭᠴᠦᠳ ᠤᠨ ᠨᠡᠶᠢᠭᠡᠮᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠯᠠᠪᠲᠠᠢ ᠲᠡᠳᠡᠨ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠬᠦ ᠪᠣᠯᠣᠨ᠎ᠠ᠃ ᠸᠠᠩ ᠠᠨᠢᠶ᠎ᠠ᠄ ︽ᠨᠠᠮ ᠪᠠ ᠵᠠᠰᠠᠭ ᠤᠨ ᠣᠷᠳᠣᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠮᠠᠨ ᠤ ᠵᠡᠮᠳᠡᠭᠴᠦᠳ ᠢ ᠬᠠᠯᠠᠮᠵᠢᠯᠠᠨ ᠬᠠᠪᠰᠤᠷᠴᠤ᠂ ᠮᠠᠨ ᠤ ᠵᠡᠮᠳᠡᠭᠴᠦᠳ ᠢ ᠠᠮᠢᠳᠤᠷᠠᠯ ᠳᠤ ᠨᠡᠩ ᠬᠦᠰᠡᠯ ᠡᠷᠡᠮᠡᠯᠵᠡᠯ ᠲᠠᠢ ᠪᠣᠯᠭᠠᠨ᠎ᠠ︾ ᠭᠡᠵᠦ ᠬᠡᠯᠡᠪᠡ᠃
1706753868000077346.png
        ᠡᠷᠦᠬᠡ ᠪᠦᠷᠢ ᠶᠢᠨ ᠵᠡᠮᠳᠡᠭᠴᠦᠳ ᠤᠨ ᠭᠡᠷ ᠲᠤ ᠣᠴᠢᠬᠤ ᠪᠦᠷᠢ᠂ ᠵᠡᠮᠳᠡᠭᠴᠦᠳ ᠤᠨ ᠨᠡᠶᠢᠭᠡᠮᠯᠢᠭ ᠤᠨ ᠺᠠᠳ᠋ᠷ ᠴᠥᠮ ᠵᠡᠮᠳᠡᠭᠴᠦᠳ ᠵᠢᠴᠢ ᠲᠡᠳᠡᠨ ᠤ ᠲᠥᠷᠥᠯ ᠰᠠᠳᠣᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠮᠠᠬᠠᠪᠤᠳ ᠤᠨ ᠪᠠᠶᠢᠳᠠᠯ᠂ ᠠᠮᠢᠳᠤᠷᠠᠯ ᠤᠨ ᠪᠠᠶᠢᠳᠠᠯ ᠵᠢᠴᠢ ᠵᠡᠮᠳᠡᠭᠴᠦᠳ ᠢ ᠬᠠᠪᠰᠤᠷᠤᠨ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠬᠦᠷᠲᠡᠭᠡᠯ ᠤᠨ ᠪᠠᠶᠢᠳᠠᠯ ᠢ ᠨᠠᠷᠢᠨ ᠠᠰᠠᠭᠤᠨ ᠯᠠᠪᠯᠠᠬᠤ ᠶᠢᠨ ᠬᠠᠮᠲᠤ ᠲᠡᠳᠡᠨ ᠢ ᠢᠲᠡᠭᠡᠯ ᠵᠣᠷᠢᠭ ᠢᠶᠠᠨ ᠬᠥᠪᠴᠢᠯᠡᠵᠦ᠂ ᠪᠠᠶᠠᠰᠤᠩᠭᠤᠢ ᠥᠭᠡᠳᠡᠷᠬᠡᠭ ᠰᠡᠳᠬᠢᠴᠡ ᠲᠠᠢ ᠪᠠᠶᠢᠬᠤ ᠶᠢ ᠵᠣᠷᠢᠭᠵᠢᠭᠤᠯᠵᠠᠢ᠃ ᠵᠢᠪᠬᠤᠯᠠᠩᠲᠤ ᠭᠠᠴᠠᠭᠠᠨ ᠤ ᠵᠡᠮᠳᠡᠭᠴᠦᠳ ᠤᠨ ᠨᠡᠶᠢᠭᠡᠮᠯᠢᠭ ᠨᠢ ᠲᠣᠰ ᠤᠳᠠᠭᠠᠨ ᠤ ᠡᠷᠦᠬᠡ ᠳᠤ ᠬᠦᠷᠴᠦ ᠰᠤᠷᠪᠤᠯᠵᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠲᠣᠰᠬᠤᠨ ᠤ ᠳᠣᠲᠣᠷᠠᠬᠢ ᠪᠠᠶᠢᠩᠭᠤ ᠰᠠᠭᠤᠭ᠎ᠠ ᠵᠡᠮᠳᠡᠭᠴᠦᠳ ᠤᠨ ᠦᠨᠳᠦᠰᠦᠨ ᠪᠠᠶᠢᠳᠠᠯ ᠪᠠ ᠬᠡᠷᠡᠭᠴᠡᠭᠡ ᠶᠢ ᠨᠠᠩ ᠪᠥᠬᠦ ᠲᠠᠯ᠎ᠠ ᠪᠠᠷ᠂ ᠣᠨᠣᠪᠴᠢᠲᠠᠶ ᠡᠵᠡᠮᠰᠢᠵᠦ᠂ ᠲᠡᠳᠡᠨ ᠢ ᠬᠠᠪᠰᠤᠷᠤᠨ ᠠᠮᠢᠳᠤᠷᠠᠯ᠂ ᠠᠵᠢᠯ ᠣᠯᠭᠤᠯᠲᠠ ᠶᠢᠨ ᠳᠤᠮᠳᠠᠬᠢ ᠬᠦᠴᠢᠷᠳᠡᠯ ᠢ ᠨᠢ ᠤᠯᠠᠮ ᠨᠢᠭᠡ ᠠᠯᠬᠤᠮ ᠰᠢᠶ᠋ᠳᠪᠦᠷᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号