ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯᠴᠢᠨ ᠬᠡᠷᠡᠭᠯᠡᠬᠦ ᠬᠤᠶᠠᠷ ᠲᠠᠯ᠎ᠠ ᠶᠢᠨ ᠰᠢᠨ᠎ᠡ ᠵᠢᠯ ᠤᠨ ᠰᠢᠨ᠎ᠡ ᠪᠠᠷ ᠨᠡᠮᠡᠭᠳᠡᠬᠦ ᠶᠢ ᠬᠠᠮᠲᠤ ᠪᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2024/2/18
        ᠴᠠᠭᠠᠨ ᠰᠠᠷ᠎ᠠ ᠣᠶᠢᠷᠠᠳᠬᠤ ᠶᠢ ᠳᠠᠭᠠᠯᠳᠤᠨ᠂ ᠠᠵᠢᠯᠴᠢᠨ ᠵᠠᠯᠭᠠᠭ᠎ᠠ ᠪᠠᠷ ᠭᠡᠷ ᠲᠡᠭᠡᠨ ᠬᠠᠷᠢᠵᠤ ᠰᠢᠨᠡᠯᠡᠵᠦ᠂ ᠠᠵᠢᠯᠴᠢᠨ ᠬᠡᠷᠡᠭᠯᠡᠬᠦ ᠨᠢᠭᠡᠴᠡ ᠳᠤ ᠠᠯᠢ ᠣᠯᠠᠨ ᠠᠵᠢᠯᠴᠢᠨ ᠳᠤᠲᠠᠭᠳᠠᠵᠤ ᠪᠠᠶᠢᠭ᠎ᠠ ᠠᠰᠠᠭᠤᠳᠠᠯ ᠢ ᠠᠪᠴᠢᠷᠠᠵᠤ᠂ ᠲᠤᠬᠠᠢ ᠶᠢᠨ ᠣᠶᠢᠶ᠎ᠠ ᠳᠤ ᠬᠡᠰᠡᠭ ᠠᠵᠢᠯᠴᠢᠨ ᠬᠡᠷᠡᠭᠯᠡᠬᠦ ᠠᠵᠤ ᠠᠬᠤᠶᠢᠯᠠᠯ ᠨᠢ ᠣᠬᠤᠷᠬᠠᠨ ᠬᠤᠭᠤᠴᠠᠭᠠᠨ ᠳᠤ︽ᠠᠵᠢᠯᠴᠢᠨ ᠬᠡᠷᠡᠭᠯᠡᠬᠦ ᠭᠠᠴᠢᠭ︾ ᠭᠠᠷᠴᠤ᠂ ᠠᠵᠢᠯᠴᠢᠨ ᠬᠡᠷᠡᠭᠯᠡᠬᠦ ᠨᠢ ᠳᠤᠲᠠᠭᠳᠠᠭᠰᠠᠨ ᠠᠴᠠ ᠪᠣᠯᠵᠤ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠨᠢ ᠬᠠᠰᠤᠭᠳᠠᠵᠤ ᠦᠷ᠎ᠡ ᠪᠦᠲᠦᠮᠵᠢ ᠶᠢ ᠨᠢ ᠪᠠᠭᠤᠷᠠᠭᠤᠯᠬᠤ ᠪᠣᠯᠣᠨ᠎ᠠ᠃ ᠡᠨᠡ ᠬᠦ ᠪᠠᠶᠢᠳᠠᠯ ᠳᠤ ᠴᠢᠭᠯᠡᠭᠦᠯᠦᠨ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠬᠤ ᠰᠠᠯᠠᠭ᠎ᠠ ᠮᠥᠴᠢᠷ ᠤᠨ ᠺᠠᠳ᠋ᠷ ᠠᠵᠢᠯᠲᠠᠨ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ ᠣᠳᠣᠬᠠᠨ ᠤ ᠠᠵᠢᠯ ᠣᠯᠭᠤᠯᠲᠠ ᠶᠢᠨ ᠪᠠᠶᠢᠳᠠᠯ ᠢ ᠨᠠᠷᠢᠯᠢᠭ ᠣᠨᠣᠴᠠᠲᠠᠢ ᠪᠠᠷ ᠵᠠᠳᠠᠯᠤᠨ ᠰᠤᠳᠤᠯᠵᠤ ᠮᠠᠭᠠᠳᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠬᠤ᠂ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠰᠡᠳᠬᠢᠯ ᠨᠢᠭᠡᠳᠦᠨ ᠦᠢᠯᠡᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠡᠵᠡᠩᠨᠡᠭᠴᠢᠳ ᠤᠨ ᠬᠡᠷᠡᠭᠯᠡᠵᠦ ᠪᠣᠯᠬᠤ᠂ ᠠᠵᠢᠯ ᠡᠷᠢᠭᠰᠡᠳ ᠠᠵᠢᠯ ᠣᠯᠵᠤ ᠪᠣᠯᠬᠤ᠂ ᠠᠵᠢᠯ ᠡᠷᠬᠢᠯᠡᠭᠴᠢᠳ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠡᠷᠭᠢᠯᠡᠭᠴᠢ ᠶᠢᠨ ᠣᠷᠣᠯᠭ᠎ᠠ ᠶᠢ ᠨᠡᠮᠡᠭᠳᠡᠭᠦᠯᠬᠦ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠡᠶᠡᠯᠡᠭᠦᠯᠦᠨ᠎ᠡ᠃        ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠠᠬᠢ ᠠᠵᠢᠯᠴᠢᠨ ᠬᠡᠷᠡᠭᠯᠡᠬᠦ ᠬᠠᠷᠢᠴᠠᠭ᠎ᠠ ᠪᠣᠯᠣᠨ ᠠᠵᠤ ᠠᠬᠤᠢ ᠨᠡᠶᠢᠭᠡᠮ ᠦᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠯᠡᠬᠦ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂  ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ︽ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠪᠠᠲᠤᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾᠎ ᠢ ᠨᠡᠶᠢᠲᠡᠯᠡᠵᠦ᠂ ᠠᠯᠢ ᠣᠯᠠᠨ ᠪᠦᠲᠦᠮᠵᠢᠲᠡᠢ ᠠᠵᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠠᠭᠠᠨ ᠪᠤᠴᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯ ᠬᠤ ᠶᠢ ᠳᠡᠮᠵᠢᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠪᠠᠲᠤᠯᠠᠨ᠂ ᠠᠵᠤ ᠠᠬᠤᠶᠢᠯᠠᠯ ᠤᠨ ᠬᠥᠳᠡᠯᠮᠦᠷᠢ ᠶᠢᠨ ᠬᠠᠷᠢᠴᠠᠭ᠎ᠠ ᠶᠢ ᠲᠣᠭᠲᠠᠭᠤᠨ ᠪᠣᠯᠭᠠᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠱᠢᠯᠡᠭᠦᠯᠬᠦ 5 ᠶᠡᠭᠡ ᠠᠵᠢᠯ ᠤᠨ ᠣᠶᠢᠯᠠᠭᠠᠭᠳᠠᠬᠤᠨ ᠵᠢᠴᠢ 14 ᠵᠦᠢᠯ ᠦᠨ ᠪᠣᠳᠠᠲᠠᠢ ᠭᠠᠷᠳᠠᠴᠠ ᠶᠢ ᠪᠠᠷᠢᠮᠲᠠᠯᠠᠵᠤ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠷᠢᠵᠤ ᠡᠯᠰᠡᠬᠦ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ        ᠨᠢᠭᠡ ᠳᠤ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢᠨ ᠠᠵᠢᠯ ᠢ ᠰᠠᠶᠢᠲᠤᠷ ᠬᠢᠵᠦ᠂ ᠳᠡᠭᠡᠳᠦ ᠱᠠᠲᠤᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠤᠬᠠᠭᠤᠯᠭ᠎ᠠ ᠵᠢᠴᠢ ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠢ ᠢᠳᠡᠪᠬᠢᠲᠡᠢ ᠥᠷᠨᠢᠭᠦᠯᠵᠦ᠂ ᠠᠵᠤ ᠠᠬᠤᠶᠢᠯᠠᠯ ᠯᠤᠭ᠎ᠠ ᠵᠣᠯᠭᠠᠭᠤᠯᠬᠤ ᠵᠢᠴᠢ ᠠᠵᠢᠯ ᠡᠷᠢᠭᠰᠡᠳ ᠲᠠᠢ ᠨᠡᠪᠲᠡᠷᠡᠯᠴᠡᠬᠦ ᠶᠢ ᠲᠠᠰᠤᠷᠠᠯᠲᠠ ᠦᠭᠡᠢ ᠰᠠᠶᠢᠲᠤᠷ ᠬᠢᠵᠦ᠂ ︽ᠴᠡᠭ ᠠᠴᠠ ᠴᠡᠭ ᠲᠤ ᠬᠦᠷᠬᠦ︾ ︽ᠨᠢᠭᠡ ᠳᠤ ᠨᠢᠭᠡ︾ ᠮᠠᠶ᠋ᠢᠭ ᠤᠨ ᠦᠢᠯᠡᠴᠢᠯᠡᠭᠡ ᠶᠢ ᠪᠡᠶᠡᠯᠡᠭᠦᠯᠪᠡ᠃ ᠬᠤᠶᠠᠷ ᠲᠤ᠂ ᠠᠵᠤ ᠠᠬᠤᠶᠢᠯᠠᠯ ᠢ ᠵᠣᠬᠢᠴᠠᠭᠤᠯᠵᠤ ᠪᠠᠶᠢᠭᠠᠳ ᠴᠠᠯᠢᠩ ᠬᠥᠯᠥᠰᠦ ᠶᠢ ᠲᠣᠬᠢᠷᠠᠭᠤᠯᠬᠤ᠂ ᠠᠵᠢᠯ ᠤᠨ ᠪᠠᠶᠢᠷᠢ ᠡᠭᠡᠯᠵᠢᠯᠡᠭᠦᠯᠦᠨ ᠡᠭᠡᠯᠵᠢᠯᠡᠨ ᠠᠮᠠᠷᠠᠭᠤᠯᠬᠤ᠂ ᠠᠵᠢᠯᠯᠠᠬᠤ ᠴᠠᠭ ᠢ ᠪᠣᠭᠤᠨᠢᠰᠬᠠᠬᠤ ᠵᠡᠷᠭᠡ ᠠᠵᠢᠯ ᠢ ᠥᠷᠨᠢᠭᠦᠯᠵᠦ᠂ ᠦᠢᠯᠡᠳᠪᠦᠷᠢᠯᠡᠯ ᠢ ᠤᠯᠠᠮ ᠨᠢᠭᠡ ᠠᠯᠬᠤᠮ ᠡᠮᠬᠢ ᠵᠢᠷᠤᠮ ᠲᠠᠢ ᠥᠷᠨᠢᠭᠦᠯᠵᠦ᠂ ᠠᠵᠢᠯ ᠡᠬᠢᠯᠡᠭᠦᠯᠬᠦ ᠪᠠᠷ ᠬᠦᠷᠦᠯᠴᠡᠬᠦ ᠦᠭᠡᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠤᠰᠢᠶᠠᠯ ᠬᠠᠪᠰᠤᠷᠭᠠᠬᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠵᠥᠪᠰᠢᠶᠡᠷᠡᠵᠦ᠂ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠨ᠎ᠠ᠃ ᠠᠵᠤ ᠠᠬᠤᠶᠢᠯᠠᠯ ᠢ ᠰᠠᠨᠠᠭ᠎ᠠ ᠠᠮᠤᠷ ᠬᠡᠷᠡᠭᠯᠡᠵᠦ᠂ ᠠᠵᠢᠯᠲᠠᠨ ᠠᠵᠢᠯᠴᠢᠨ ᠢ ᠠᠵᠢᠯ ᠬᠢᠬᠦ ᠶᠢᠨ ᠲᠠᠭᠠᠯᠠᠮᠵᠢᠲᠠᠢ ᠪᠣᠯᠭᠠᠵᠤ᠂ ᠬᠠᠩᠭᠠᠯᠭ᠎ᠠ ᠬᠡᠷᠡᠭᠴᠡᠭᠡᠨ ᠤ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠲᠡᠩᠴᠡᠭᠦᠷᠢᠰᠢᠭᠦᠯᠵᠦ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠭᠦᠢᠴᠡᠳ ᠰᠢᠢᠳᠪᠦᠷᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠨᠠᠩ ᠣᠯᠠᠨ᠂ ᠵᠣᠯ ᠵᠢᠷᠭᠠᠯᠲᠤ ᠲᠥᠷᠥᠭᠳᠡᠯ ᠢ ᠨᠠᠩ ᠴᠢᠩᠭ᠎ᠠ᠂ ᠠᠮᠤᠷ ᠲᠦᠪᠰᠢᠨ ᠤ ᠲᠥᠷᠥᠭᠳᠡᠯ ᠢ ᠨᠠᠩ ᠭᠦᠢᠴᠡᠳ ᠪᠣᠯᠭᠠᠵᠤ᠂ ᠰᠢᠭᠤᠶᠢᠲᠤ ᠣᠷᠣᠨ ᠤ ᠤᠯᠤᠰ ᠲᠥᠷᠥ ᠠᠵᠤ ᠠᠬᠤᠢ ᠶᠢᠨ ᠲᠣᠭᠲᠠᠭᠤᠨ ᠪᠠᠶᠢᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号