ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ ᠬᠠᠪᠤᠷ ᠤᠨ ᠤᠯᠠᠷᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/2/18
        ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠡᠷᠡᠭᠦᠯ ᠮᠡᠨᠳᠦ ᠪᠠᠷ ᠬᠢᠷᠢ ᠲᠡᠩᠴᠡᠭᠰᠡᠨ ᠰᠢᠯᠢᠳᠡᠭ ᠵᠠᠯᠠᠭᠤᠴᠤᠳ ᠤᠨ ᠴᠡᠷᠢᠭ ᠲᠤ ᠣᠷᠣᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠃ ᠣᠶᠢᠷ᠎ᠠ ᠳᠤ᠂ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ ᠬᠠᠪᠤᠷ ᠤᠨ ᠤᠯᠠᠷᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠬᠠᠷᠢᠶ᠎ᠠ ᠣᠷᠣᠨ ᠤ 5 ᠵᠠᠯᠠᠭᠤᠴᠤᠳ ᠪᠡᠶ᠎ᠡ ᠶᠢᠨ ᠪᠠᠶᠢᠴᠠᠭᠠᠯᠲᠠ ᠳᠤ ᠣᠷᠣᠯᠴᠠᠪᠠ᠃
1707121353934020135.jpg
        ᠲᠣᠰ ᠤᠳᠠᠭᠠᠨ ᠤ ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠤ ᠭᠤᠣᠯᠳᠠᠭᠤ ᠰᠡᠳᠬᠢᠴᠡ ᠶᠢᠨ ᠪᠠᠶᠢᠴᠠᠭᠠᠯᠲᠠ᠂ ᠳᠣᠲᠣᠨ᠎ᠠ ᠭᠠᠳᠠᠨᠠᠬᠢ ᠰᠠᠯᠠᠭᠠᠨ ᠤ ᠪᠠᠶᠢᠴᠠᠭᠠᠯᠲᠠ᠂ DR ᠪᠠᠶᠢᠴᠠᠭᠠᠯᠲᠠ᠂ ᠨᠢᠳᠦᠨ ᠤ ᠪᠠᠶᠢᠴᠠᠭᠠᠯᠲᠠ ᠶᠢᠨ ᠶᠠᠪᠤᠴᠠ ᠳᠤ᠂ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢᠳ ᠪᠡᠶ᠎ᠡ ᠶᠢᠨ ᠪᠠᠶᠢᠴᠠᠭᠠᠯᠲᠠ ᠶᠢᠨ ᠶᠠᠰᠤ ᠴᠢᠨᠠᠷ ᠢ ᠴᠢᠩᠭ᠎ᠠ ᠡᠵᠡᠮᠳᠡᠵᠦ᠂ ᠡᠯ᠎ᠡ ᠪᠡᠶ᠎ᠡ ᠶᠢᠨ ᠪᠠᠶᠢᠴᠠᠭᠠᠯᠲᠠ ᠶᠢᠨ ᠭᠤᠭᠴᠤᠭ᠎ᠠ ᠶᠢᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠡᠷᠬᠡ ᠲᠡᠭᠰᠢ ᠲᠥᠪ ᠭᠤᠤᠯᠴᠢ ᠢᠯᠡ ᠪᠠᠶᠢᠬᠤ ᠶᠢ ᠦᠨᠡᠨ ᠬᠦ ᠪᠠᠲᠤᠯᠠᠪᠠ᠃
1707121362858002002.png
        ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ ᠴᠡᠷᠢᠭ ᠤᠨ ᠶᠠᠰᠤ ᠴᠢᠨᠠᠷ ᠤᠨ ᠪᠣᠭᠤᠮᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ᠂ ᠥᠨᠳᠥᠷ ᠱᠠᠭᠠᠷᠳᠠᠯᠭ᠎ᠠ ᠪᠠᠷ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠪᠣᠯᠣᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号