ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠴᠠᠰᠤ ᠠᠷᠢᠯᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/18
        2 ᠰᠠᠷ᠎ᠠ ᠶᠢᠨ 4  ᠤ ᠡᠳᠦᠷ᠂ ᠪᠤᠭᠤᠲᠤ ᠬᠤᠲᠠ ᠶᠢᠨ ᠶᠡᠭᠡ ᠴᠠᠰᠤ ᠣᠷᠣᠵᠤ᠂ ᠬᠡᠰᠡᠭ ᠵᠠᠮ ᠮᠥᠰᠥ ᠬᠥᠯ ᠳᠡᠵᠡᠢ᠂ ᠡᠪᠡᠳᠴᠢᠲᠡᠨ ᠤ ᠡᠪᠡᠳᠴᠢᠨ ᠦᠵᠡᠭᠦᠯᠬᠦ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠠᠮᠤᠷ ᠲᠦᠪᠱᠢᠨ ᠢ ᠪᠠᠲᠤᠯᠠᠬᠤ ᠶᠢᠨ ᠲᠥᠯᠥᠭᠡ ᠶᠦᠮ᠃ 2 ᠰᠠᠷ᠎ᠠ ᠶᠢᠨ 5  ᠤ ᠡᠳᠦᠷ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨ ᠡᠯ᠎ᠡ ᠬᠤᠶᠠᠳᠤᠭᠠᠷ ᠳᠡᠰ ᠦᠨ ᠨᠢᠭᠡᠴᠡ ᠳᠤ ᠴᠠᠰᠤ ᠠᠷᠢᠯᠭᠠᠬᠤ ᠠᠵᠢᠯᠯᠠᠭ᠎ᠠ ᠶᠢ ᠦᠳᠲᠡᠷ ᠲᠦᠷᠭᠡᠨ ᠥᠷᠨᠢᠭᠦᠯᠵᠦ᠂ ᠴᠠᠰᠤ ᠣᠷᠣᠭᠰᠠᠨ ᠡᠳᠦᠷ ᠲᠤ ᠡᠮᠨᠡᠭᠦᠯ ᠬᠦ ᠪᠠᠷ ᠢᠷᠡᠭᠰᠡᠨ ᠡᠪᠡᠳᠴᠢᠲᠡᠨ ᠳᠤ︽ᠠᠮᠤᠷ ᠲᠦᠪᠱᠢᠨ ᠤ ᠵᠠᠮ︾  ᠢ ᠨᠡᠭᠡᠭᠡᠵᠦ᠂ ᠡᠪᠡᠳᠴᠢᠲᠡᠨ ᠪᠣᠯᠣᠨ ᠲᠡᠷᠭᠡ ᠬᠥᠰᠬᠡ ᠶᠢᠨ ᠶᠠᠪᠤᠵᠤ ᠰᠠᠭᠤᠬᠤ ᠠᠮᠤᠷ ᠲᠦᠪᠱᠢᠨ ᠢ ᠪᠦᠲᠦᠮᠵᠢᠲᠡᠢ ᠪᠠᠲᠤᠯᠠᠬᠤ ᠶᠢ ᠤᠷᠢᠶᠠᠯᠠᠵᠠᠢ᠃
1707121264564091902.jpg
        ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠰᠲ᠋ᠧᠮ ᠤᠨ ᠺᠠᠳ᠋ᠷ ᠠᠵᠢᠯᠲᠠᠨ ᠶᠠᠰᠤ ᠶᠠᠩᠭᠢᠨᠠᠮ᠎ᠠ ᠬᠦᠢᠲᠡᠨ ᠰᠠᠯᠬᠢᠨ ᠤ ᠠᠶ᠎ᠠ ᠪᠠᠷ ᠬᠤᠰᠤᠵᠤ᠂ ᠵᠠᠷᠢᠮ ᠨᠢ ᠱᠦᠭᠦᠷᠳᠡᠵᠦ᠂ ᠵᠠᠷᠢᠮ ᠨᠢ ᠲᠦᠯᠬᠢᠵᠦ᠂ ᠣᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠡᠳᠬᠢᠯ ᠰᠠᠨᠠᠭ᠎ᠠ ᠪᠠᠨ ᠣᠯᠣᠯᠴᠠᠵᠤ᠂ ᠬᠥᠷ ᠬᠥᠭᠵᠢᠶᠡᠨ ᠲᠠᠢ ᠠᠵᠢᠯᠯᠠᠵᠤ᠂ ᠲᠦᠷᠭᠡᠨ ᠪᠥᠭᠡᠳ ᠡᠮᠬᠢ ᠵᠢᠷᠤᠮ ᠲᠠᠢ ᠪᠠᠷ ᠭᠤᠣᠯ ᠵᠠᠮ ᠳᠡᠭᠡᠷᠡᠬᠢ ᠬᠤᠷᠠᠭᠰᠠᠨ ᠴᠠᠰᠤ ᠶᠢ ᠴᠡᠪᠡᠷᠯᠡᠨ ᠴᠡᠪᠡᠷᠯᠡᠵᠦ᠂ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠨᠡᠪᠲᠡᠷᠡᠬᠦ ᠵᠠᠮ᠂ ᠶᠡᠭᠡ ᠲᠢᠩᠬᠢᠮ ᠳᠤ ᠭᠤᠯᠭᠤᠭᠤᠷ ᠱᠠᠯᠠ ᠶᠢ ᠲᠠᠯᠪᠢᠵᠤ᠂ ᠰᠡᠷᠡᠮᠵᠢ ᠶᠢᠨ ᠫᠠᠶᠢᠰᠠ ᠲᠠᠯᠪᠢᠵᠤ᠂ ᠶᠠᠪᠠᠭᠠᠨ ᠬᠥᠮᠥᠨ ᠵᠢᠴᠢ ᠲᠡᠷᠭᠡ ᠬᠥᠰᠬᠡ ᠨᠡᠪᠲᠡᠷᠡᠬᠦ ᠳᠤ ᠳᠥᠭᠦᠮ ᠦᠵᠡᠭᠦᠯᠦᠭᠰᠡᠨ ᠢᠶᠠᠷ ᠪᠠᠷᠠᠬᠤ ᠦᠭᠡᠢ᠂ ᠥᠷᠭᠡᠨ ᠣᠯᠠᠨ ᠡᠪᠡᠳᠴᠢᠲᠡᠨ ᠳᠤ ᠰᠠᠶᠢᠨ ᠰᠠᠶᠢᠬᠠᠨ ᠡᠪᠡᠳᠴᠢᠨ ᠦᠵᠡᠭᠦᠯᠬᠦ ᠣᠷᠴᠢᠨ ᠨᠥᠬᠦᠴᠡᠯ ᠢ ᠬᠠᠩᠭᠠᠪᠠ᠂ ᠬᠡᠳᠦᠶᠢᠪᠡᠷ ᠣᠯᠠᠨ ᠤ ᠴᠢᠷᠠᠢ ᠬᠥᠯᠳᠡᠵᠦ ᠪᠠᠶᠢᠭ᠎ᠠ ᠪᠣᠯᠪᠠᠴᠤ ᠭᠠᠷ ᠳᠡᠭᠡᠷᠡᠬᠢ ᠴᠠᠰᠤ ᠠᠷᠢᠯᠭᠠᠬᠤ ᠪᠠᠭᠠᠵᠢ ᠬᠠᠷᠢᠨ ᠲᠠᠰᠤᠷᠠᠯᠲᠠ ᠦᠭᠡᠢ ᠬᠤᠷᠤᠶᠢᠯᠠᠵᠤ᠂ ᠶᠠᠭᠠᠷᠠᠯᠲᠠᠢ ᠪᠠᠷ᠎ᠠ ᠨᠢ ᠡᠮᠨᠡᠯᠭᠡ ᠶᠢᠨ ᠬᠤᠷᠢᠶᠠᠨ ᠤ ᠨᠢᠭᠡᠨ ᠬᠠᠮᠤᠭ ᠤᠨ ᠭᠤᠶᠣ ᠦᠵᠡᠮᠵᠢ ᠪᠣᠯᠤᠭᠰᠠᠨ ᠪᠠᠶᠢᠨ᠎ᠠ᠃
1707121297068007895.png
        ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠬᠡᠬᠦᠳᠡᠭ ᠳᠦᠭᠦᠷᠡᠩ ᠠᠵᠢᠯ ᠤᠨ ᠬᠠᠯᠠᠭᠤᠨ ᠰᠡᠳᠬᠢᠯᠭᠡ ᠵᠢᠴᠢ ᠬᠠᠯᠠᠭᠤᠨ ᠳᠤᠯᠠᠭᠠᠨ ᠦᠢᠯᠡᠴᠢᠯᠡᠭᠡ ᠪᠠᠷ ᠮᠥᠰᠥ ᠴᠠᠰᠤ ᠶᠢ ᠬᠠᠶᠢᠯᠤᠭᠤᠯᠵᠤ᠂ ᠬᠥᠮᠥᠰ ᠤᠨ ᠰᠡᠳᠬᠢᠯ ᠢ ᠳᠤᠯᠠᠭᠠᠴᠠᠭᠤᠯᠪᠠ᠃ ᠲᠣᠰ ᠤᠳᠠᠭᠠᠨ ᠤ ᠴᠠᠰᠤ ᠠᠷᠢᠯᠭᠠᠬᠤ ᠠᠵᠢᠯᠯᠠᠭ᠎ᠠ ᠨᠢ ᠪᠥᠬᠦ ᠺᠠᠳ᠋ᠷ ᠠᠵᠢᠯᠲᠠᠨ ᠠᠵᠢᠯᠴᠢᠨ ᠤ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠪᠠ ᠦᠢᠯᠡᠴᠢᠯᠡᠬᠦ ᠤᠬᠠᠮᠰᠠᠷ ᠢ ᠴᠢᠩᠭᠠᠳᠬᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠰᠲ᠋ᠧᠮ ᠤᠨ ᠳᠡᠭᠡᠳᠦ ᠳᠣᠣᠷᠠᠳᠤ ᠱᠠᠲᠤ ᠪᠠᠷ ᠢᠶᠠᠨ ᠨᠢᠭᠡ ᠰᠡᠳᠬᠢᠯ ᠢᠶᠠᠷ ᠡᠪᠡᠳᠴᠢᠲᠡᠨ ᠳᠤ ᠦᠢᠯᠡᠴᠢᠯᠡᠬᠦ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠠᠮᠤᠷ ᠲᠦᠪᠰᠢᠨ ᠢ ᠬᠦᠴᠦᠲᠡᠢ ᠪᠠᠲᠤᠯᠠᠪᠠ᠃        ᠳᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠴᠠᠭ ᠠᠭᠤᠷ ᠤᠨ ᠬᠤᠪᠢᠷᠠᠯᠲᠠ ᠶᠢ ᠦᠷᠭᠦᠯᠵᠢᠯᠡᠨ ᠨᠢᠭᠲᠠ ᠠᠩᠬᠠᠷᠴᠤ᠂ ᠪᠠᠴᠢᠮ ᠪᠠᠶᠢᠳᠠᠯ ᠢ ᠠᠷᠭᠠᠴᠠᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠡᠪᠦᠯ ᠴᠠᠰᠤ ᠶᠢ ᠴᠡᠪᠡᠷᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠠᠮᠤᠷ ᠲᠦᠪᠰᠢᠨ ᠢᠶᠠᠷ ᠬᠠᠮᠠᠭᠠᠯᠠᠵᠤ᠂ ᠠᠷᠠᠳ ᠤᠨ ᠠᠮᠢᠳᠤᠷᠠᠯ ᠢ ᠬᠠᠮᠠᠭᠠᠯᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号