ᠵᠢᠯ ᠤᠨ ᠡᠴᠦᠰ ᠪᠣᠯᠬᠤ ᠳᠤ ᠵᠣᠪᠠᠭ᠋ᠤ ᠬᠡᠷᠡᠭ ᠦᠭᠡᠢ ᠬᠥᠳᠡᠯᠮᠦᠷᠢ ᠶᠢᠨ ᠪᠠᠲᠤᠯᠭ᠎ᠠ ᠶᠢᠨ︽ᠴᠠᠯᠢᠩ︾  ᠤᠨ ᠵᠣᠪᠠᠨᠢᠯ ᠢ ᠠᠷᠢᠯᠭᠠᠨ᠎ᠠ
ᠨᠡᠶᠢᠲᠡᠯᠡᠭᠰᠡᠨ ᠴᠠᠭ᠄
2024/2/18
        2 ᠰᠠᠷ᠎ᠠ ᠶᠢᠨ 5  ᠤ ᠡᠳᠦᠷ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠦᠨ ᠱᠢᠢᠳᠪᠦᠷᠢᠯᠡᠬᠦ ᠦᠢᠯᠡᠴᠢᠯᠡᠭᠡᠨ ᠤ ᠲᠥᠪ ᠲᠤ᠂ ᠭᠠᠯ ᠤᠯᠠᠭᠠᠨ ᠬᠡᠮ ᠡᠷᠯᠢᠭ ᠲᠤᠭ ᠢ ᠢᠷᠡᠭᠦᠯᠵᠦ᠂ ᠯᠢ ᠠᠪᠤᠭᠠᠢ︽ᠡᠷᠬᠡ ᠪᠠᠷᠢᠵᠤ ᠲᠥᠪ ᠭᠤᠣᠯᠴᠢ ᠪᠠᠷ ᠡᠷᠬᠡ ᠪᠠᠷᠢᠵᠤ ᠠᠷᠠᠳ ᠤᠨ ᠲᠥᠯᠥᠭᠡ ᠠᠷᠢᠭᠤᠨ ᠴᠢᠬᠡᠴᠢ ᠪᠠᠷ ᠵᠠᠰᠠᠭ ᠪᠠᠷᠢᠵᠤ ᠠᠷᠠᠳ ᠤᠨ ᠲᠥᠯᠥᠭᠡ ᠠᠷᠢᠭᠤᠨ ᠴᠢᠬᠡᠴᠢ ᠪᠠᠷ ᠵᠠᠰᠠᠭ  ᠪᠠᠷᠢᠬᠤ︾ ᠶᠢᠨ ᠠᠯᠲᠠᠨ ᠲᠤᠭ ᠢ ᠠᠪᠴᠤ ᠰᠢᠭᠤᠶᠢᠲᠤ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠦᠨ  ᠰᠢᠢᠳᠪᠦᠷᠢᠯᠡᠬᠦ ᠦᠢᠯᠡᠴᠢᠯᠡᠭᠡᠨ ᠤ ᠲᠥᠪ ᠲᠤ ᠬᠦᠷᠭᠡᠵᠦ᠂ ᠲᠠᠯᠠᠷᠬᠠᠯ ᠤᠨ ᠰᠡᠳᠬᠢᠯ ᠢᠶᠠᠨ ᠢᠯᠡᠳᠬᠡᠪᠡ᠃
1707211851678042332.jpg
        ᠣᠶᠢᠯᠠᠭᠠᠭᠰᠠᠨ ᠢᠶᠠᠷ᠂ ᠯᠢ ᠠᠪᠤᠭᠠᠢ ᠪᠣᠯ ᠰᠢᠭᠤᠶᠢᠲᠤ ᠲᠣᠭᠤᠷᠢᠭ ᠤᠨ ᠨᠢᠭᠡᠨ ᠠᠵᠤ ᠠᠬᠤᠶᠢᠯᠠᠯ ᠤᠨ ᠠᠵᠢᠯᠲᠠᠨ ᠮᠥᠨ᠂ ᠪᠠᠷᠢᠯᠭ᠎ᠠ ᠶᠢ ᠴᠠᠭ ᠲᠤᠬᠠᠢ ᠳᠤᠨᠢ ᠳ᠋ᠦᠩᠨᠡᠨ ᠪᠤᠳᠤᠭᠰᠠᠨ ᠦᠭᠡᠢ᠂ ᠳᠠᠭᠠᠭᠠᠴᠢᠯᠠᠭᠤᠯᠤᠭᠰᠠᠨ ᠲᠠᠯ᠎ᠠ ᠶᠢᠨ ᠬᠢᠨ ᠬᠠᠷᠢᠯᠴᠠᠨ ᠲᠦᠯᠬᠢᠯᠴᠡᠬᠦ ᠵᠡᠷᠭᠡ ᠠᠰᠠᠭᠤᠳᠠᠯ ᠠᠴᠠ ᠪᠣᠯᠵᠤ᠂ ᠯᠢ ᠠᠪᠤᠭᠠᠢ ᠶᠢ ᠪᠠᠭᠲᠠᠭᠠᠭᠰᠠᠨ 45 ᠠᠵᠢᠯᠴᠢᠨ ᠤ ᠴᠠᠯᠢᠩ ᠨᠢ 15 ᠲᠦᠮᠡᠨ ᠲᠥᠭᠦᠷᠢᠭ ᠲᠤ ᠬᠦᠷᠴᠡᠢ᠃ ᠠᠵᠢᠯᠲᠠᠳ ᠡᠨᠡ ᠬᠦ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠳᠠᠷᠤᠢ ᠲᠦᠷᠭᠡᠨ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠬᠠᠷᠢᠯᠴᠠᠵᠤ᠂ ᠬᠦᠯᠢᠴᠡᠩᠭᠦᠢ ᠪᠠᠷ ᠶᠣᠰᠣ ᠶᠠᠷᠢᠵᠤ᠂ ᠬᠥᠳᠡᠯᠮᠦᠷᠢ ᠶᠢᠨ ᠪᠠᠲᠤᠯᠠᠭ᠎ᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠲᠣᠳᠣᠷᠬᠠᠢ ᠲᠠᠶᠢᠯᠪᠤᠷᠢᠯᠠᠵᠤ ᠥᠭᠴᠡᠢ᠂ ᠬᠠᠷᠢᠭᠤᠴᠠᠯᠭᠠᠲᠠᠨ ᠳᠠᠷᠠᠭ᠎ᠠ ᠨᠢ ᠪᠠᠰᠠ ᠥᠪᠡᠷ ᠢᠶᠠᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠣᠶᠢᠯᠠᠭᠠᠬᠤ ᠦᠭᠡᠢ ᠭᠡᠵᠦ ᠢᠯᠡᠳᠬᠡᠵᠦ᠂ ᠰᠢᠭᠤᠶᠢᠲᠤ  ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠦᠢᠯᠡᠴᠢᠯᠡᠭᠡᠨ ᠤ ᠲᠥᠪ ᠠᠴᠠ ᠲᠡᠭᠦᠨ ᠳᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠬᠤᠶᠢᠰᠢᠳᠠ ᠯᠠᠪᠲᠠᠢ ᠲᠡᠷᠡ ᠳᠠᠷᠤᠢ ᠳᠤᠨᠢ ᠠᠵᠢᠯᠴᠢᠨ ᠤ ᠴᠠᠯᠢᠩ ᠢ ᠠᠵᠢᠯᠴᠢᠨ ᠤ ᠭᠠᠷ ᠲᠤ ᠵᠣᠬᠢᠰᠲᠠᠢ ᠣᠯᠭᠤᠬᠤ ᠶᠢ ᠪᠠᠲᠤᠯᠠᠵᠤ ᠴᠢᠳᠠᠨ᠎ᠠ ᠭᠡᠵᠦ ᠢᠯᠡᠳᠬᠡᠪᠡ᠃        ᠨᠢᠭᠡ ᠲᠠᠯ᠎ᠠ ᠪᠠᠷ ᠬᠡᠮᠡᠷᠯᠢᠭ ᠲᠤᠭ ᠢᠶᠠᠨ ᠨᠢᠭᠡ ᠬᠤᠪᠢ ᠵᠥᠪᠰᠢᠶᠡᠷᠡᠨ᠎ᠡ᠃ ᠤᠭ ᠰᠠᠨᠠᠭ᠎ᠠ ᠪᠠᠨ ᠦᠯᠦ ᠮᠠᠷᠲᠠᠨ᠂ ᠡᠷᠡᠮᠡᠬᠡᠶᠢᠯᠡᠨ ᠤᠷᠤᠭᠰᠢᠯᠠᠨ᠎ᠠ᠃ ᠬᠡᠮᠡᠷᠯᠢᠭ ᠲᠤᠭ  ᠨᠢ ᠰᠢᠭᠤᠶᠢᠲᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠦᠢᠯᠡᠴᠢᠯᠡᠭᠡᠨ ᠤ ᠲᠥᠪ ᠤᠨ ᠠᠵᠢᠯ ᠤᠨ ᠨᠤᠲᠠᠯᠠᠯᠲᠠ ᠪᠣᠯᠬᠤ ᠪᠠᠷ ᠪᠠᠷᠠᠬᠤ ᠦᠭᠡᠢ᠂ ᠨᠠᠩ ᠴᠤ ᠨᠢᠭᠡᠨ ᠬᠦᠨᠳᠦ ᠬᠠᠷᠢᠭᠤᠴᠠᠯᠭ᠎ᠠ ᠪᠣᠯᠣᠨ᠎ᠠ︕ ᠪᠢᠳᠡ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ︽ᠠᠷᠠᠳ ᠲᠦᠮᠡᠨ ᠳᠤ ᠦᠢᠯᠡᠴᠢᠯᠡᠬᠦ︾ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠪᠠᠲᠤ ᠰᠠᠬᠢᠵᠤ᠂ ᠰᠠᠶᠢᠨ ᠰᠠᠶᠢᠬᠠᠨ ᠦᠢᠯᠡᠴᠢᠯᠡᠭᠡᠨ ᠤ ᠳᠦᠷᠢ ᠲᠥᠷᠬᠦ ᠶᠢ ᠪᠣᠶ ᠪᠣᠯᠭᠠᠵᠤ᠂ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠠᠷᠠᠳ ᠣᠯᠠᠨ ᠳᠤ ᠢᠯᠡᠭᠦᠬᠡᠨ ᠰᠠᠶᠢᠨ ᠶᠠᠪᠤᠳᠠᠯ᠂ ᠪᠣᠳᠠᠲᠤ ᠶᠠᠪᠤᠳᠠᠯ ᠬᠢᠵᠦ ᠥᠭᠭᠦᠨ᠎ᠡ ᠭᠡᠪᠡ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号