ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ
ᠨᠡᠶᠢᠲᠡᠯᠡᠭᠰᠡᠨ ᠴᠠᠭ᠄
2024/2/18
        ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠢ ᠶᠢᠨ ᠰᠢᠨ ᠢᠦᠢ ᠱᠦᠢ ᠲᠣᠭᠤᠷᠢᠭ ᠤᠨ ᠨᠢᠭᠡᠨ ᠵᠡᠭᠡᠯᠢ ᠶᠢᠨ ᠳᠡᠯᠭᠡᠭᠦᠷ ᠤᠨ ᠭᠠᠯ ᠤᠨ ᠭᠠᠮᠰᠢᠭ ᠤᠨ ᠠᠳᠡᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠡᠯ᠎ᠡ ᠲᠥᠷᠥᠯ ᠤᠨ ᠠᠵᠢᠯ ᠤᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠠ ᠲᠡᠭ ᠠᠵᠤ ᠦᠢᠯᠡᠳᠪᠦᠷᠢ ᠶᠢᠨ ᠵᠠᠬ᠎ᠠ ᠳᠡᠯᠭᠡᠭᠦᠷ ᠤᠨ ᠦᠢᠯᠡᠳᠪᠦᠷᠢᠯᠡᠯ ᠤᠨ ᠠᠮᠤᠷ ᠲᠦᠪᠰᠢᠨ ᠢ ᠤᠯᠠᠮ ᠨᠢᠭᠡ ᠠᠯᠬᠤᠮ ᠵᠢᠷᠤᠮᠵᠢᠭᠤᠯᠤᠨ ᠡᠮᠬᠢ ᠵᠢᠷᠤᠮ ᠲᠠᠢ ᠠᠬᠢᠭᠤᠯᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠭᠤᠣ ᠯᠢ ᠱᠧᠩ ᠪᠣᠯᠣᠨ ᠰᠢᠭᠤᠶᠢᠲᠤ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠯᠢᠦ ᠬᠤᠢ ᠵᠢᠴᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠤ ᠪᠦᠷᠢᠯᠳᠦᠭᠦᠨ ᠢ ᠪᠠᠶᠢᠴᠠᠭᠠᠬᠤ ᠳᠤᠭᠤᠶᠢᠯᠠᠩ ᠨᠢ ᠬᠠᠷᠢᠶ᠎ᠠ ᠲᠣᠭᠤᠷᠢᠭ ᠲᠠᠬᠢ ᠠᠷᠠᠳ ᠠᠴᠠ ᠡᠷᠭᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠠ ᠲᠡᠭ ᠠᠵᠤ ᠦᠢᠯᠡᠳᠪᠦᠷᠢ ᠶᠢᠨ ᠵᠠᠬ᠎ᠠ ᠳᠡᠯᠭᠡᠭᠦᠷ ᠲᠤ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠪᠠ᠃ 
1707298079332065249.jpg
        ᠪᠠᠶᠢᠴᠠᠭᠠᠬᠤ ᠳᠤᠭᠤᠶᠢᠯᠠᠩ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠠ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠲᠥᠰᠥᠯ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠳᠠᠯᠳᠠ ᠬᠡᠮ ᠢ ᠵᠢᠭᠰᠠᠭᠠᠨ ᠪᠠᠶᠢᠴᠠᠭᠠᠭᠰᠠᠨ ᠡᠬᠡ ᠲᠠᠩᠰᠠ ᠵᠡᠷᠭᠡ ᠶᠢ ᠨᠠᠷᠢᠨ ᠨᠢᠮᠪᠠᠢ ᠪᠠᠶᠢᠴᠠᠭᠠᠨ ᠦᠵᠡᠵᠦ᠂ ᠭᠠᠯ ᠤᠨᠲᠠᠷᠠᠭᠠᠬᠤ ᠲᠥᠬᠦᠭᠡᠷᠦᠮᠵᠢ᠂ ᠭᠠᠯ ᠤᠨᠲᠠᠷᠠᠭᠠᠬᠤ ᠵᠠᠮ᠂ ᠠᠮᠤᠷ ᠲᠦᠪᠰᠢᠨ ᠤ ᠲᠡᠮᠳᠡᠭ᠂ ᠴᠠᠬᠢᠯᠭᠠᠨ ᠬᠡᠷᠡᠭᠯᠡᠬᠦ ᠵᠡᠷᠭᠡ ᠶᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠪᠠ᠃        ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠪᠠᠨ ᠴᠢᠩᠭᠠᠳᠬᠠᠬᠤ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠢ ᠴᠢᠬᠤᠯᠠ ᠠᠴᠠ ᠴᠢᠬᠤᠯᠠ ᠵᠦᠢᠯ ᠪᠣᠯᠭᠠᠨ ᠠᠵᠢᠯ ᠤᠨ ᠲᠡᠷᠢᠭᠦᠨ ᠪᠠᠶᠢᠷᠢᠨ ᠳᠤ ᠲᠠᠯᠪᠢᠵᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠤᠰᠤᠳ ᠭᠤᠣᠯᠳᠠᠯᠭ᠎ᠠ ᠲᠠᠢ ᠠᠵᠢᠯ ᠯᠤᠭ᠎ᠠ ᠵᠡᠷᠭᠡ ᠳᠤᠨᠢ ᠲᠣᠬᠢᠷᠠᠭᠤᠯᠵᠤ᠂ ᠵᠡᠷᠭᠡ ᠳᠤᠨᠢ ᠪᠠᠶᠢᠷᠢᠯᠠᠭᠤᠯᠵᠤ᠂ ᠵᠡᠷᠭᠡ ᠳᠤᠨᠢ ᠨᠠᠶᠢᠳᠠᠪᠤᠷᠢᠵᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢ ᠲᠦᠭᠡᠮᠡᠯᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠢ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ᠬᠤᠶᠠᠷ ᠲᠤ᠂ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ᠂ ᠪᠣᠳᠠᠲᠤ ᠪᠠᠶᠢᠳᠠᠯ ᠢ ᠡᠵᠡᠮᠰᠢᠬᠦ ᠬᠡᠷᠡᠭᠲᠡᠢ᠃ ᠲᠤᠰ ᠪᠡᠶ᠎ᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠦᠨᠡᠨᠬᠦ ᠶᠠᠪᠤᠭᠳᠠᠭᠤᠰᠢᠲᠠᠢ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠥᠰᠥᠯ ᠪᠣᠯᠣᠨ ᠠᠶᠤᠯ ᠦᠭᠡᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠲᠤᠰ ᠪᠡᠶ᠎ᠡ ᠶᠢᠨ ᠳᠠᠯᠳᠠ ᠭᠡᠮ ᠢ ᠪᠦᠬᠦ ᠲᠠᠯ᠎ᠠ ᠪᠠᠷ ᠡᠷᠢᠵᠦ᠂ ᠵᠢᠭᠰᠠᠭᠠᠨ ᠪᠠᠶᠢᠴᠠᠭᠠᠬᠤ ᠪᠠ ᠵᠠᠰᠠᠬᠤ ᠶᠢ ᠳᠦᠷᠢᠮᠵᠢᠭᠦᠯᠬᠦ᠂ ᠵᠢᠷᠤᠮᠵᠢᠭᠤᠯᠬᠤ᠂ ᠪᠠᠶᠢᠩᠭᠤᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠳᠠᠯᠳᠠ ᠭᠡᠮ ᠢ ᠠᠷᠢᠯᠭᠠᠬᠤ ᠬᠡᠷᠡᠭᠲᠡᠢ᠃ ᠣᠯᠵᠤ ᠮᠡᠳᠡᠭᠰᠡᠨ ᠠᠶᠤᠯ ᠦᠭᠡᠢ ᠦᠢᠯᠡᠳᠪᠦᠷᠢᠯᠡᠯ ᠤᠨ ᠳᠠᠯᠳᠠ ᠭᠡᠮ ᠳᠤ ᠪᠣᠯ ᠡᠷᠬᠡᠪᠰᠢ ᠳᠠᠷᠤᠢ ᠲᠦᠷᠭᠡᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠡᠭᠦᠷᠭᠡᠯᠡᠭᠴᠢ ᠪᠠ ᠪᠡᠶᠡᠯᠡᠭᠦᠯᠬᠦ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠲᠤᠰᠬᠠᠢ ᠬᠥᠮᠥᠨ ᠵᠢᠭᠠᠨ ᠲᠣᠭᠲᠠᠭᠠᠵᠤ ᠬᠠᠷᠢᠭᠤᠴᠠᠨ ᠮᠥᠷᠳᠡᠨ ᠰᠢᠮᠳᠠᠭᠤᠯᠤᠨ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠠᠳᠠᠯ ᠭᠠᠷᠬᠤ ᠶᠢ ᠡᠷᠡᠰ ᠵᠣᠭᠰᠤᠭᠠᠬᠤ ᠬᠡᠷᠡᠭᠲᠡᠢ᠃        ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠠᠷᠢᠶ᠎ᠠ ᠣᠷᠣᠨ ᠤ ᠪᠣᠯᠪᠠᠰᠤᠷᠠᠯ ᠤᠨ ᠪᠠᠶᠢᠭᠤᠯᠤᠮᠵᠢ ᠵᠢᠴᠢ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢ ᠴᠢᠨᠠᠭᠰᠢᠳᠠ ᠴᠢᠩᠭᠠᠳᠬᠠᠨ᠎ᠠ᠃ ᠤᠬᠠᠭᠤᠯᠭ᠎ᠠ ᠶᠢ ᠲᠡᠷᠢᠭᠦᠨ ᠳᠤ ᠲᠠᠯᠪᠢᠬᠤ᠂ ᠤᠬᠠᠭᠤᠯᠬᠤ ᠪᠠ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠪᠣᠯᠣᠨ ᠬᠠᠤᠯᠢ ᠶᠢ ᠰᠠᠬᠢᠬᠤ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠦᠷᠭᠦᠯᠵᠢᠯᠡᠨ ᠬᠦᠴᠦᠨ ᠨᠡᠮᠡᠷᠢᠯᠡᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号