ᠯᠢ ᠴᠢᠩ ᠵᠦᠩ
ᠨᠡᠶᠢᠲᠡᠯᠡᠭᠰᠡᠨ ᠴᠠᠭ᠄
2024/2/18
ᠠᠵᠢᠯ ᠤᠨ ᠬᠤᠪᠢᠶᠠᠷᠢᠯᠠᠯ᠄        ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ ᠯᠢ ᠴᠢᠩ ᠵᠦᠩ ᠲᠣᠭᠤᠷᠢᠭ ᠤᠨ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ᠂ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠢ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠮ ᠬᠠᠷᠢᠯᠴᠠᠭ᠎ᠠ ᠲᠡᠭᠡᠭᠡᠪᠦᠷᠢ ᠤᠰᠤᠨ ᠤ ᠶᠠᠪᠤᠳᠠᠯ᠂ ᠬᠠᠩᠭᠠᠨ ᠪᠣᠷᠣᠯᠠᠭᠤᠯᠬᠤ ᠬᠤᠷᠰᠢᠶ᠎ᠠ᠂ ᠳ᠋ᠠ ᠳ᠋ᠧ ᠾᠧᠩ ᠵᠡᠭᠡᠯᠢ ᠭᠤᠳᠤᠮᠵᠢ᠂ ᠵᠢᠪᠬᠤᠯᠠᠩᠲᠤ ᠰᠤᠮᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃        ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ︶᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠲᠣᠭᠤᠷᠢᠭ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ᠂ ᠬᠠᠩᠭᠠᠨ ᠪᠣᠷᠣᠯᠠᠭᠤᠯᠬᠤ ᠬᠤᠷᠰᠢᠶ᠎ᠠ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠢᠪᠬᠤᠯᠠᠩᠲᠤ ᠰᠤᠮᠤ ᠶᠢ ᠬᠤᠪᠢᠳᠠᠨ ᠬᠠᠮᠢᠶᠠᠷᠤᠨ᠎ᠠ᠃        ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠲᠣᠭᠤᠷᠢᠭ ᠤᠨ ᠬᠤᠶᠢᠴᠢ ᠦᠶ᠎ᠡ ᠶᠢᠨ  ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠲᠣᠭᠤᠷᠢᠭ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ᠂ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠠᠲᠤ ᠵᠤᠤ ᠬᠠᠮᠢᠶᠠᠷᠤᠯᠲᠠ ᠶᠢᠨ ᠦᠷᠳᠡᠭᠡ᠂ ᠵᠡᠪᠰᠡᠭᠲᠦ ᠴᠠᠭᠳᠠᠭ᠎ᠠ ᠶᠢᠨ ᠪᠤᠭᠤᠲᠤ ᠬᠤᠳᠠ ᠶᠢᠨ ᠤᠢ ᠰᠢᠭᠤᠢ ᠶᠢᠨ ᠳᠤᠮᠳᠠ ᠠᠩᠭᠢ ᠲᠠᠢ ᠬᠠᠷᠢᠯᠴᠠᠨ᠎ᠠ᠃        ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠲᠣᠪᠴᠢ ᠨᠠᠮᠲᠠᠷ᠄        ᠯᠢ ᠴᠢᠩ ᠵᠦᠩ᠂ ᠡᠷᠡᠭᠲᠡᠢ᠂ ᠬᠢᠲᠠᠳ ᠦᠨᠳᠦᠰᠦᠲᠡᠨ᠂ 1970 ᠣᠨ ᠤ 1 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃        ᠤᠳᠤ ᠰᠢᠭᠤᠶᠢᠲᠤ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号