ᠰᠢᠦᠢ ᠳ᠋ᠦᠩ ᠯᠠᠢ
ᠨᠡᠶᠢᠲᠡᠯᠡᠭᠰᠡᠨ ᠴᠠᠭ᠄
2024/2/19
ᠠᠵᠢᠯ ᠤᠨ ᠬᠤᠪᠢᠶᠠᠷᠢᠯᠠᠯ       ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ ᠰᠢᠦᠢ ᠳ᠋ᠦᠩ ᠯᠠᠢ ᠲᠣᠭᠤᠷᠢᠭ ᠤᠨ ᠳᠠᠷᠤᠭ᠎ᠠ ᠶᠢ ᠬᠠᠮᠵᠢᠨ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠮᠡᠳᠡᠭᠡ ᠵᠠᠩᠭᠢᠵᠢᠯᠲᠠ᠂ ᠲᠣᠮᠣ ᠰᠣᠷᠢᠨᠵᠢᠨ ᠵᠡᠭᠡᠯᠢ ᠭᠤᠳᠤᠮᠵᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃        ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ︶᠂ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ᠂ ᠲᠣᠮᠣ ᠰᠣᠷᠢᠨᠵᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠤᠭᠤᠲᠤ ᠬᠤᠲᠠ ᠶᠢᠨ ᠯᠢᠶᠠᠨ ᠵᠥᠩ ᠲᠣᠮᠣ ᠳ᠋ᠠᠶᠢᠲ᠋ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃        ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠲᠣᠭᠤᠷᠢᠭ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠲᠤ ᠰᠠᠭᠤᠭ᠎ᠠ ᠴᠢᠮᠡᠭᠡ ᠬᠤᠯᠪᠣᠭᠠᠨ ᠤ ᠠᠵᠤ ᠠᠬᠤᠶᠢᠯᠠᠯ ᠲᠠᠢ ᠬᠠᠷᠢᠯᠴᠠᠨ᠎ᠠ᠃        ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠲᠣᠪᠴᠢ ᠨᠠᠮᠲᠠᠷ        ᠰᠢᠦᠢ ᠳ᠋ᠦᠩ ᠯᠠᠢ᠂ ᠡᠷᠡᠭᠲᠡᠢ᠂ ᠬᠢᠲᠠᠳ ᠦᠨᠳᠦᠰᠦᠲᠡᠨ᠂ 1982 ᠣᠨ ᠤ 4 ᠰᠠᠷ᠎ᠠ ᠳᠤ ᠲᠦᠷᠦᠵᠠᠢ᠂ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠤᠨ ᠠᠯᠪᠠᠨ ᠭᠡᠷ ᠤᠨ ᠡᠷᠬᠢᠯᠡᠭᠴᠢ᠂ ᠣᠲᠣ ᠰᠢᠭᠤᠶᠢᠲᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠲᠠᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号