ᠲᠤᠰᠬᠠᠢ ᠲᠠᠯᠠᠪᠤᠷ ᠡᠯᠰᠡᠬᠦ ᠠᠵᠢᠯᠯᠠᠭ᠎ᠠ ᠨᠢ ᠵᠡᠮᠳᠡᠭᠴᠦᠳ ᠤᠨ ᠠᠵᠢᠯ ᠣᠯᠭᠤᠯᠲᠠ ᠳᠤ ᠠᠵᠢᠯ ᠤᠨ ᠪᠠᠶᠢᠷᠢ  ᠥᠷᠭᠡᠳᠬᠡᠵᠦ ᠥᠭᠪᠡ
ᠨᠡᠶᠢᠲᠡᠯᠡᠭᠰᠡᠨ ᠴᠠᠭ᠄
2024/2/27
        2 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠰᠢᠭᠤᠶᠢᠲᠤ   ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠬᠠᠷᠢᠶᠠᠲᠤ ᠣᠷᠣᠨ ᠤ ᠵᠡᠮᠳᠡᠭᠴᠦᠳ ᠤᠨ  ᠭᠦᠢᠴᠡᠳ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠬᠤ ᠶᠢᠨ ᠲᠥᠯᠥᠭᠡ᠂ ᠲᠣᠭᠤᠷᠢᠭ ᠤᠨ  ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯ ᠣᠯᠭᠤᠯᠲᠠ ᠶᠢᠨ  ᠦᠢᠯᠡᠴᠢᠯᠡᠭᠡᠨ ᠤ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂  ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ 2024 ᠣᠨ ᠤ  ᠰᠢᠭᠤᠶᠢᠲᠤ ᠣᠷᠣᠨ ᠤ ︽ᠤᠷᠢᠬᠠᠨ ᠰᠠᠯᠬᠢ ᠦᠨᠡᠨ ᠰᠡᠳᠬᠢᠯᠭᠡ ᠶᠢ ᠬᠦᠷᠭᠡᠵᠦ ᠠᠷᠠᠳ ᠤᠨ ᠰᠡᠳᠬᠢᠯ ᠢ  ᠳᠤᠯᠠᠭᠠᠴᠠᠭᠤᠯᠤᠶ᠎ᠠ︾ ᠭᠡᠬᠦ ᠭᠤᠣᠯ ᠰᠡᠳᠦᠪᠲᠦ ᠲᠤᠰᠬᠠᠢ ᠠᠵᠢᠯᠲᠠᠨ ᠡᠯᠰᠡᠬᠦ ᠬᠤᠷᠠᠯ ᠢ ᠡᠷᠭᠢᠯᠡᠪᠡ᠃          ᠲᠣᠰ ᠤᠳᠠᠭᠠᠨ ᠤ ᠠᠵᠢᠯᠲᠠᠨ ᠡᠯᠰᠡᠬᠦ ᠪᠠᠶᠢᠭᠤᠯᠭ᠎ᠠ ᠨᠢᠭᠡᠴᠡ 13 ᠪᠠᠶᠢᠵᠤ᠂ ᠠᠵᠢᠯᠲᠠᠨ ᠡᠯᠰᠡᠬᠦ  ᠬᠤᠷᠠᠯ ᠤᠨ ᠬᠠᠩᠭᠠᠭᠰᠠᠨ ᠠᠵᠢᠯ ᠤᠨ ᠪᠠᠶᠢᠷᠢ ᠨᠢ ᠠᠵᠢᠯᠯᠠᠭᠴᠢ᠂ ᠵᠠᠬ᠎ᠠ ᠳᠡᠯᠭᠡᠭᠦᠷ ᠤᠨ ᠲᠤᠰᠬᠠᠢ ᠲᠤᠰᠢᠶᠠᠯᠲᠠᠨ᠂  ᠠᠷᠢᠭᠤᠨ ᠴᠡᠪᠡᠷ᠂ ᠠᠴᠢᠶᠠᠯᠠᠵᠤ ᠪᠠᠭᠤᠯᠭᠠᠬᠤ ᠠᠵᠢᠯᠴᠢᠨ ᠵᠡᠷᠭᠡ 537 ᠠᠵᠢᠯ ᠤᠨ ᠪᠠᠶᠢᠷᠢ ᠳᠤ ᠬᠤᠯᠪᠣᠭᠳᠠᠵᠠᠢ᠃  ᠠᠵᠢᠯᠯᠠᠭ᠎ᠠ ᠶᠢᠨ ᠳᠤᠮᠳᠠ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ 200 ᠭᠠᠷᠤᠢ ᠬᠤᠪᠢ  ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠬᠤᠩ ᠱᠢ᠂ ᠶᠠ ᠬᠤᠸᠠ ᠺᠧ ᠳ᠋ᠠ᠂ ᠾᠧ ᠪᠠᠩ ᠡᠮ  ᠡᠮᠨᠡᠯᠭᠡ᠂ ᠮᠢᠩ ᠶᠠᠩ ᠵᠡᠷᠭᠡ ᠠᠵᠤ ᠠᠬᠤᠶᠢᠯᠠᠯ ᠲᠠᠢ ᠢᠳᠡᠪᠬᠢᠲᠡᠢ ᠪᠠᠷ ᠵᠣᠯᠭᠠᠭᠤᠯᠬᠤ ᠶᠢᠨ ᠬᠠᠮᠲᠤ ᠬᠥᠮᠥᠨ ᠬᠡᠷᠡᠭᠯᠡᠬᠦ  ᠨᠢᠭᠡᠴᠡ ᠠᠴᠠ ᠵᠡᠮᠳᠡᠭᠴᠦᠳ ᠢ ᠲᠤᠰᠠᠯᠠᠵᠤ ᠵᠡᠮᠳᠡᠭᠴᠦᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ  ᠭᠦᠨᠵᠡᠭᠡᠢ ᠤᠬᠠᠭᠤᠯᠵᠤ᠂ ᠠᠵᠤ ᠠᠬᠤᠶᠢᠯᠠᠯ ᠢ ᠬᠠᠪᠰᠤᠷᠤᠨ ᠵᠡᠮᠳᠡᠭᠴᠦᠳ ᠢ ᠤᠷᠢᠵᠤ ᠬᠡᠷᠡᠭᠯᠡᠭᠰᠡᠨ ᠬᠠᠮᠢᠶ᠎ᠠ ᠪᠦᠬᠦᠢ  ᠱᠠᠩᠨᠠᠯ ᠤᠨ ᠲᠦᠷᠦ ᠶᠢᠨ ᠪᠣᠳᠣᠯᠭ᠎ᠠ ᠶᠢ ᠣᠶᠢᠯᠠᠭᠠᠭᠤᠯᠵᠤ᠂ ᠠᠵᠤ ᠠᠬᠤᠶᠢᠯᠠᠯ ᠤᠨ ᠠᠵᠢᠯᠴᠢᠨ ᠡᠯᠰᠡᠬᠦ ᠳᠤᠮᠳᠠ  ᠵᠡᠮᠳᠡᠭᠴᠦᠳ ᠢ ᠤᠷᠢᠳᠠᠪᠠᠷ ᠡᠯᠰᠡᠨ ᠬᠡᠷᠡᠭᠯᠡᠬᠦ ᠶᠢ ᠵᠣᠷᠢᠭᠵᠢᠭᠤᠯᠵᠤ᠂ ᠵᠡᠮᠳᠡᠭᠴᠦᠳ ᠤᠨ ᠠᠵᠢᠯ ᠣᠯᠭᠤᠯᠲᠠ ᠶᠢᠨ  ᠠᠷᠭ᠎ᠠ ᠵᠠᠮ ᠢ ᠦᠨᠡᠨ ᠬᠦ ᠥᠷᠭᠡᠳᠬᠡᠵᠦ᠂ ᠰᠢᠨ᠎ᠡ ᠪᠠᠶᠢᠳᠠᠯ ᠢ ᠪᠤᠢ ᠪᠣᠯᠭᠠᠨ᠎ᠠ᠃         ᠲᠤᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠠᠵᠢᠯᠯᠠᠭ᠎ᠠ ᠪᠠᠷ ᠳᠠᠮᠵᠢᠨ᠂ ᠰᠢᠭᠤᠶᠢᠲᠤ  ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠪᠣᠯᠣᠨ ᠶᠠ ᠬᠤᠸᠠ ᠺᠧ ᠳ᠋ᠠ ᠠᠵᠤ ᠠᠬᠤᠶᠢᠯᠠᠯ 5 ᠠᠵᠢᠯ ᠤᠨ  ᠪᠠᠶᠢᠷᠢ ᠶᠢ ᠠᠮᠵᠢᠯᠲᠠ ᠲᠠᠢ ᠥᠷᠭᠡᠳᠬᠡᠪᠡ᠃ ᠬᠤᠶᠢᠰᠢᠳᠠ᠂ ᠰᠢᠭᠤᠶᠢᠲᠤ ᠣᠷᠣᠨ ᠤ ᠵᠡᠮᠳᠡᠭᠴᠦᠳ ᠤᠨ ᠬᠤᠯᠪᠣᠭ᠎ᠠ ᠵᠢᠨ᠋  ᠬᠢᠨ ᠦᠷᠭᠦᠯᠵᠢᠯᠡᠨ ᠵᠡᠮᠳᠡᠭᠴᠦᠳ ᠤᠨ ᠨᠡᠯᠢᠶᠡᠳ ᠭᠦᠢᠴᠡᠳ ᠪᠥᠭᠡᠳ ᠨᠡᠯᠢᠶᠡᠳ ᠴᠢᠨᠠᠷ ᠰᠠᠶᠢᠲᠠᠢ ᠠᠵᠢᠯ  ᠣᠯᠭᠤᠯᠲᠠ ᠶᠢ ᠪᠡᠶᠡᠯᠡᠭᠦᠯᠬᠦ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠵᠡᠮᠳᠡᠭᠴᠦᠳ ᠤᠨ ᠠᠵᠢᠯ ᠣᠯᠭᠤᠯᠲᠠ ᠪᠠᠷ  ᠬᠠᠪᠰᠤᠷᠤᠨ ᠲᠡᠳᠬᠦᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠨᠠᠩ ᠣᠯᠠᠨ ᠵᠡᠮᠳᠡᠭᠴᠦᠳ ᠢ  ᠬᠠᠪᠰᠤᠷᠤᠨ ᠠᠵᠢᠯ ᠣᠯᠭᠤᠯᠲᠠ ᠶᠢ ᠪᠡᠶᠡᠯᠡᠭᠦᠯᠵᠦ᠂ ᠵᠡᠮᠳᠡᠭᠴᠦᠳ ᠢ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠵᠣᠯ  ᠵᠢᠷᠭᠠᠯᠲᠤ ᠲᠥᠷᠥᠭᠳᠡᠯ ᠲᠠᠢ ᠪᠣᠯᠭᠠᠵᠤ᠂ ᠵᠡᠮᠳᠡᠭᠴᠦᠳ ᠤᠨ ᠠᠵᠢᠯ ᠣᠯᠭᠤᠯᠲᠠ ᠶᠢᠨ ᠦᠷᠭᠦᠯᠵᠢᠯᠡᠬᠦ ᠬᠥᠭᠵᠢᠯᠲᠡ ᠶᠢ  ᠪᠦᠲᠦᠮᠵᠢᠲᠡᠶ ᠠᠬᠢᠭᠤᠯᠤᠨ᠎ᠠ᠃
 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号