ᠷᠠᠰᠢᠶᠠᠨ ᠤ ᠵᠢᠭᠤᠯᠴᠢᠯᠠᠯ ᠤᠨᠴᠠ ᠬᠦᠭᠵᠢᠶᠡᠨᠳᠡᠢ ᠪᠠᠶᠢᠨ᠎ᠠ
ᠨᠡᠶᠢᠲᠡᠯᠡᠭᠰᠡᠨ ᠴᠠᠭ᠄
2024/2/28
F202310161701232986701351.jpg
          ᠨᠢᠳᠤᠨᠤᠨ ᠵᠢᠯ ᠤᠨ ᠨᠠᠢᠮᠠᠨ  ᠰᠠᠷ᠎ᠠ ᠶᠢᠨ  ᠠᠷᠪᠠᠨ  ᠲᠠᠪᠤᠨ ᠤ  ᠪᠠᠶᠠᠷ  ᠪᠠ  ᠤᠯᠤᠰ ᠤᠨ  ᠪᠠᠶᠠᠷ ᠤᠨ  8  ᠡᠳᠦᠷ ᠤᠨ ᠠᠮᠠᠷᠠᠯᠲᠠ ᠶᠢᠨ ᠬᠤᠭᠤᠴᠠᠭ᠎ᠠ ᠨᠢ ᠬᠥᠮᠦᠰ ᠤᠨ ᠭᠠᠳᠠᠭᠰᠢ  ᠭᠠᠷᠴᠤ  ᠵᠢᠭᠤᠯᠴᠢᠯᠠᠬᠤ  ᠰᠠᠶᠢᠨ  ᠲᠣᠬᠢᠶᠠᠯ  ᠪᠣᠯᠵᠠᠶ᠃  ᠬᠢᠩᠭᠠᠨ ᠠᠶᠢᠮᠠᠭ ᠤᠨ ᠷᠠᠰᠢᠶᠠᠨ ᠬᠤᠳᠠ ᠶᠢᠨ ᠵᠢᠭᠤᠯᠴᠢᠯᠠᠯ ᠴᠤ ᠬᠦᠭᠵᠢᠶᠡᠨᠳᠥ ᠤᠯᠠᠷᠢᠯ ᠢᠶᠠᠨ ᠤᠭᠳᠤᠨ  ᠠᠪᠴᠥ᠂  ᠪᠦᠬᠦ  ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠰᠠᠳ ᠤᠨ ᠰᠡᠯᠡᠬᠦᠴᠡᠨ ᠳᠤᠭᠤᠷᠢᠬᠤ ᠳᠡᠷᠢᠬᠦᠨ ᠰᠤᠩᠭᠤᠯᠳᠠ ᠶᠢᠨ ᠭᠠᠵᠠᠷ ᠪᠤᠯᠤᠭᠰᠠᠨ ᠪᠠᠶᠢᠨ᠎ᠠ᠃                ᠪᠦᠷᠢᠳᠭᠡᠯ ᠢ ᠦᠨᠳᠦᠰᠦᠯᠡᠪᠡᠯ᠂ 9 ᠰᠠᠷ᠎ᠠ ᠶᠢᠨ 29 ᠤ ᠡᠳᠦᠷ ᠠᠴᠠ 10 ᠰᠠᠷ᠎ᠠ ᠶᠢᠨ  6 ᠤ  ᠡᠳᠦᠷ  ᠪᠣᠯᠲᠠᠯ᠎ᠠ᠂ ᠷᠠᠰᠢᠶᠠᠨ ᠬᠤᠳᠠ ᠶᠢᠨ ᠬᠦᠯᠢᠶᠡᠨ ᠠᠪᠤᠭᠰᠠᠨ  ᠵᠢᠭᠤᠯᠴᠢᠯᠠᠭᠰᠠᠳ ᠤᠨ  ᠲᠤᠭ᠎ᠠ  14.55  ᠲᠦᠮᠡᠨ  ᠬᠥᠮᠦᠨ  ᠤᠳᠠᠭ᠎ᠠ ᠳᠤ ᠬᠦᠷᠴᠦ᠂ ᠠᠳᠠᠯᠢ  ᠬᠤᠭᠤᠴᠠᠭᠠᠨ ᠤ ᠬᠢ ᠠᠴᠠ  64.33% ᠪᠠᠷ  ᠨᠡᠮᠡᠭᠳᠡᠵᠡᠢ᠃  ᠵᠢᠭᠤᠯᠴᠢᠯᠠᠯ ᠤᠨ  ᠣᠷᠣᠯᠭ᠎ᠠ ᠨᠢ  2.1 ᠳ᠋ᠦᠩᠰᠢᠭᠤᠷ ᠲᠥᠭᠦᠷᠢᠭ ᠲᠤᠯᠵᠤ᠂ ᠠᠳᠠᠯᠢ ᠬᠤᠭᠤᠴᠠᠭᠠᠨ ᠤ ᠬᠢ ᠠᠴᠠ 64.84% ᠪᠠᠷ ᠨᠡᠮᠡᠭᠳᠡᠪᠡ᠃                ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ  ᠪᠠ  ᠤᠯᠤᠰ ᠤᠨ  ᠪᠠᠶᠠᠷ ᠤᠨ  ᠠᠮᠠᠷᠠᠯᠲᠠ ᠶᠢᠨ  ᠬᠤᠭᠤᠴᠠᠭᠠᠨ ᠳᠤ᠂ ᠷᠠᠰᠢᠶᠠᠨ  ᠬᠤᠳᠠ ᠶᠢᠨ  ᠨᠠᠮᠥᠷ ᠤᠨ  ᠦᠵᠡᠮᠵᠢ ᠨᠢ  ᠡᠳᠡᠭᠡᠳ   ᠭᠤᠶᠤ ᠪᠠᠷ ᠢᠶᠠᠨ   ᠵᠢᠭᠤᠯᠴᠢᠯᠠᠭᠰᠠᠳ ᠤᠨ   ᠠᠩᠬᠠᠷᠤᠯ ᠢ ᠳᠠᠳᠠᠭᠰᠠᠨ ᠢᠶᠠᠷ ᠪᠠᠷᠠᠬᠤ ᠦᠬᠡᠢ᠂ ᠠᠭᠠᠷ ᠤᠨ ᠳᠤᠯᠠᠭᠠᠨ ᠨᠢ ᠥᠩᠭᠡᠷᠡᠭᠰᠡᠨ ᠵᠢᠯ ᠤᠳ ᠤᠨ ᠠᠳᠠᠯᠢ  ᠬᠤᠭᠤᠴᠠᠭᠠᠨ ᠤ ᠬᠢ ᠠᠴᠠ ᠨᠠᠩ ᠦᠨᠳᠥᠷ ᠪᠠᠶᠢᠵᠤ᠂ ᠬᠦᠮᠥᠰ ᠤᠨ ᠳᠤᠭᠤᠷᠢᠨ ᠵᠢᠭᠤᠯᠴᠢᠯᠠᠬᠤ ᠳᠤ ᠨᠠᠩ ᠲᠣᠬᠢᠷᠠᠮᠵᠢᠲᠠᠶ ᠪᠣᠯᠵᠣ᠂ ᠪᠥᠬᠦ  ᠤᠯᠤᠰ ᠤᠨ  ᠡᠯ᠎ᠡ ᠭᠠᠵᠠᠷ ᠤᠨ ᠵᠢᠭᠤᠯᠴᠢᠯᠠᠭᠰᠠᠳ ᠤᠨ ᠦᠪᠡᠰᠥᠪᠡᠨ ᠳᠡᠷᠭᠡ ᠵᠢᠯᠤᠭᠤᠳᠥᠨ ᠳᠤᠭᠤᠷᠢᠬᠤ  ᠰᠠᠶᠢᠨ  ᠭᠠᠵᠠᠷ ᠤᠨ  ᠨᠢᠭᠡ  ᠪᠤᠯᠤᠭᠰᠠᠨ ᠪᠠᠶᠢᠨ᠎ᠠ᠃                ᠷᠠᠰᠢᠶᠠᠨ ᠤ  ᠡᠯᠪᠡᠭ  ᠪᠠᠶᠠᠯᠢᠭ  ᠵᠢᠭᠤᠯᠴᠢᠯᠠᠯ ᠤᠨ  ᠦᠢᠯᠡᠰ᠂  ᠣᠯᠠᠨ  ᠶᠠᠩᠵᠤ ᠶᠢᠨ  ᠰᠣᠶᠣᠯ  ᠵᠢᠭᠤᠯᠴᠢᠯᠠᠯ ᠤᠨ ᠦᠢᠯᠡᠳᠬᠦᠨ᠂ ᠳᠤᠳᠤᠨᠤ ᠰᠠᠶᠢᠬᠠᠨ ᠵᠢᠭᠤᠯᠴᠢᠯᠠᠯ ᠤᠨ ᠦᠢᠯᠡᠴᠢᠯᠡᠭᠡ ᠨᠢ ᠴᠤ ᠵᠢᠭᠤᠯᠴᠢᠯᠠᠭᠰᠠᠳ ᠤᠨ ᠬᠦᠷᠢᠶᠡᠯᠡᠯ ᠢ  ᠤᠯᠵᠠᠢ᠃ ᠰᠢᠨ᠎ᠡ ᠪᠠᠷ ᠭᠠᠷᠭᠠᠭᠰᠠᠨ ᠤᠢ ᠰᠢᠭᠤᠢ ᠶᠢᠨ ᠰᠡᠯᠡᠬᠦᠴᠡᠯ ᠵᠢᠭᠤᠯᠴᠢᠯᠠᠯ ᠤᠨ ᠵᠠᠮ ᠱᠤᠭᠤᠮ᠂ ᠯᠤ᠋  ᠵᠢᠶᠥᠥ  ᠸᠠᠨ  ᠦᠵᠡᠮᠵᠢ ᠶᠢᠨ ᠤᠷᠤᠨ᠂ ᠬᠠᠯᠠᠭᠤᠨ ᠷᠠᠰᠢᠶᠠᠨ ᠤ ᠠᠮᠠᠷᠠᠯᠲᠠ ᠶᠢᠨ ᠤᠷᠤᠨ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ  ᠪᠣᠯᠤᠨ  ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠬᠦᠷᠥᠯᠴᠡᠨ  ᠤᠴᠢᠭᠰᠠᠨ  ᠵᠢᠭᠤᠯᠴᠢᠯᠠᠭᠰᠠᠳ ᠲᠤ  ᠨᠡᠩ  ᠤᠯᠠᠨ  ᠳᠤᠭᠤᠷᠢᠨ  ᠦᠵᠡᠬᠦ  ᠰᠤᠩᠭᠤᠯᠳᠠ ᠬᠠᠨᠭ᠍ᠭᠠᠵᠠᠢ᠃                ᠨᠢᠳᠤᠨᠤᠨ  ᠵᠢᠯ ᠠᠴᠠ  ᠨᠠᠭᠠᠰᠢ᠂  ᠷᠠᠰᠢᠶᠠᠨ  ᠬᠤᠲᠠ  ︽ᠪᠠᠶᠠᠷ ᠤᠨ  ᠡᠳᠦᠷ ᠢᠶᠠᠷ  ᠵᠢᠭᠤᠯᠴᠢᠯᠠᠯ ᠢ   ᠠᠬᠢᠭᠤᠯᠬᠤ︾ ᠶᠢ ᠪᠠᠷᠢᠮᠲᠠᠯᠠᠵᠤ᠂  ᠬᠤᠷᠴᠠ  ᠤᠯᠠᠭᠠᠨ  ᠴᠡᠴᠡᠭ ᠤᠨ  ᠨᠠᠶᠢᠷ  ᠡᠷᠭᠢᠯᠡᠬᠦ ᠪᠠᠷ  ᠳᠡᠮᠵᠢᠨ  ᠵᠢᠭᠤᠯᠴᠢᠯᠠᠯ ᠤᠨ  ᠵᠠᠬ᠎ᠠ   ᠳᠡᠯᠭᠡᠭᠦᠷ ᠢ ᠬᠥᠭᠵᠢᠭᠡᠵᠦ᠂ ᠵᠢᠭᠤᠯᠴᠢᠯᠠᠯ ᠤᠨ ᠬᠦᠭᠵᠢᠶᠡᠨᠳᠡᠢ ᠤᠯᠠᠷᠢᠯ ᠤᠨ ᠬᠤᠭᠤᠴᠠᠭ᠎ᠠ ᠶᠢ ᠤᠯᠠᠮ ᠤᠷᠳᠤᠳᠬᠠᠭᠰᠠᠨ ᠪᠠᠶᠢᠨ᠎ᠠ᠃ ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ᠂  ᠰᠤᠷᠭᠠᠭᠤᠯᠢ ᠶᠢᠨ  ᠠᠨᠳᠠ ᠶᠢᠨ  ᠠᠵᠤ  ᠠᠬᠤᠶ ᠶᠢᠨ  ᠶᠠᠷᠢᠶᠠᠨ ᠤ ᠲᠠᠪᠴᠠᠩ᠂ ᠣᠶ ᠰᠢᠭᠤᠶ ᠶᠢᠨ ᠳᠠᠭᠤᠤ ᠬᠥᠭᠵᠢᠮ ᠤᠨ ᠨᠠᠶᠢᠷ  ᠵᠡᠷᠭᠡ  ᠠᠯᠢ  ᠣᠯᠠᠨ  ᠪᠠᠶᠠᠷ  ᠳᠤᠷᠠᠰᠬᠠᠯ ᠤᠨ  ᠠᠵᠢᠯᠯᠠᠭ᠎ᠠ ᠶᠢ ᠡᠷᠭᠢᠯᠡᠭᠰᠡᠨ ᠨᠢ  ᠪᠠᠰᠠ  ᠷᠠᠰᠢᠶᠠᠨ  ᠬᠤᠳᠠ ᠶᠢᠨ  ᠵᠢᠭᠤᠯᠴᠢᠯᠠᠯ ᠤᠨ  ᠵᠠᠬ᠎ᠠ  ᠳᠡᠯᠭᠡᠭᠦᠷ ᠢ  ᠦᠷᠭᠦᠯᠵᠢᠯᠡᠨ   ᠬᠦᠭᠵᠢᠶᠡᠨ ᠲᠠᠢ ᠪᠤᠯᠭᠠᠬᠤ ᠳᠤ ᠲᠦᠯᠬᠢᠴᠡ  ᠥᠢᠯᠡᠳᠥᠯ  ᠦᠵᠡᠬᠦᠯᠥᠭᠰᠡᠨ  ᠶᠤᠮ᠃  ︵ᠬᠢᠨᠭ᠍ᠭᠠᠨ ᠤ  ᠡᠳᠥᠷ ᠤᠨ  ᠰᠤᠨᠢᠨ ᠤ  ᠰᠤᠷᠪᠤᠯᠵᠢᠯᠠᠭᠴᠢ ᠤᠷᠠᠨᠳᠤᠳᠢ ᠴᠢᠮᠡᠭᠡᠯᠡᠭᠴᠢ ᠡᠥ ᠪᠤᠤ ᠰᠢᠶᠠᠩ︶
 
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号