【ᠪᠠᠢ ᠬᠤ᠋ ᠭᠧᠦ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ】︽ᠴᠢᠬᠢ ᠪᠠᠨ ᠬᠠᠶᠢᠷᠠᠯᠠᠨ ᠬᠠᠮᠠᠭᠠᠯᠠᠬᠤ︾ ᠤᠬᠠᠭᠤᠯᠭ᠎ᠠ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2024/3/11
        2 ᠰᠠᠷ᠎ᠠ ᠶᠢᠨ 29᠎ ᠤ ᠡᠳᠦᠷ᠂ ᠦ᠋ ᠳ᠋ᠠᠩ ᠭᠧᠦ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠰᠣᠨᠣᠰᠴᠤ᠂ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠳ᠋ᠯᠡᠬᠦ︾᠎ ᠪᠠᠷ ᠭᠤᠣᠯ ᠰᠡᠳᠦᠪ ᠪᠣᠯᠭᠠᠨ ᠴᠢᠬᠢ ᠪᠠᠨ ᠬᠠᠶᠢᠷᠠᠯᠠᠬᠤ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠲᠣᠰᠬᠤᠨ ᠤ ᠠᠷᠠᠳ ᠤᠨ ᠰᠣᠨᠣᠰᠬᠤ ᠴᠢᠳᠠᠪᠤᠷᠢ ᠶᠢ ᠬᠠᠮᠠᠭᠠᠯᠠᠬᠤ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠲᠣᠰᠬᠤᠨ ᠤ ᠬᠦᠨᠳᠦ ᠨᠣᠴᠢᠲᠠᠢ ᠰᠣᠨᠣᠷ ᠤᠨ ᠰᠠᠭᠠᠳ ᠲᠠᠢ ᠬᠥᠮᠥᠰ ᠤᠨ ᠡᠷᠡᠭᠦᠯᠵᠢᠯ ᠤᠨ ᠪᠠᠶᠢᠳᠠᠯ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠲᠤᠯᠭᠠᠭᠤᠷᠢᠯᠠᠯ ᠬᠠᠩᠭᠠᠵᠠᠢ᠃
1709622316606014280 (1).jpg
        ᠪᠠᠢ ᠬᠤ᠋ ᠭᠧᠦ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ ᠨᠠᠷᠢᠨ ᠬᠢᠨᠠᠮᠠᠭᠠᠢ᠂ ᠬᠦᠯᠢᠴᠡᠩᠭᠦᠢ ᠪᠠᠷ ᠲᠣᠰᠬᠤᠨ ᠤ ᠠᠷᠠᠳ ᠲᠤ ᠴᠢᠬᠢ ᠪᠠᠨ ᠬᠠᠶᠢᠷᠠᠯᠠᠬᠤ᠂ ᠴᠢᠬᠢ ᠪᠠᠨ ᠬᠠᠮᠠᠭᠠᠯᠠᠬᠤ ᠵᠢᠵᠢᠭ ᠮᠡᠳᠡᠯᠭᠡ ᠵᠢᠴᠢ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠮᠵᠢᠲᠠᠢ ᠲᠣᠬᠢᠷᠠᠭᠤᠯᠬᠤ ᠵᠡᠷᠭᠡ ᠵᠡᠮᠳᠡᠭᠴᠦᠳ ᠢ ᠬᠠᠪᠰᠤᠷᠤᠨ ᠵᠡᠮᠳᠡᠭᠴᠦᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ᠂ ᠬᠦᠯᠢᠴᠡᠩᠭᠦᠢ ᠪᠠᠷ ᠲᠠᠶᠢᠯᠪᠤᠷᠢᠯᠠᠵᠤ᠂ ᠲᠣᠰᠬᠤᠨ ᠤ ᠠᠷᠠᠳ᠂ ᠵᠡᠮᠳᠡᠭᠴᠦᠳ ᠵᠢᠴᠢ ᠵᠡᠮᠳᠡᠭᠴᠦᠳ ᠤᠨ ᠭᠡᠷ ᠪᠦᠯᠢ ᠶᠢᠨ ᠬᠢᠨ ᠳᠤ ᠰᠣᠨᠣᠷ ᠤᠨ ᠵᠡᠮᠳᠡᠭ ᠪᠣᠯᠬᠤ ᠠᠴᠠ ᠰᠡᠷᠭᠡᠶᠢᠯᠡᠬᠦ᠂ ᠢᠯᠡᠷᠡᠭᠦᠯᠬᠦ᠂ ᠡᠮᠨᠡᠨ ᠵᠠᠰᠠᠬᠤ ᠵᠢᠴᠢ ᠡᠷᠡᠭᠦᠯᠵᠢᠭᠦᠯᠬᠦ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠢ ᠰᠠᠶᠢᠨ ᠰᠠᠶᠢᠬᠠᠨ ᠴᠢᠬᠢᠨ ᠵᠠᠩ ᠳᠠᠳᠬᠠᠯ ᠲᠠᠢ ᠪᠣᠯᠭᠠᠬᠤ ᠬᠡᠷᠡᠭᠲᠡᠢ ᠭᠡᠵᠦ ᠰᠠᠨᠠᠭᠤᠯᠪᠠ᠃        ᠲᠣᠰ ᠤᠳᠠᠭᠠᠨ ᠤ ᠠᠵᠢᠯᠯᠠᠭ᠎ᠠ ᠨᠢ ᠲᠣᠰᠬᠤᠨ ᠤ ᠠᠷᠠᠳ ᠤᠨ ᠴᠢᠬᠢ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠵᠡᠮᠳᠡᠭᠴᠦᠳ ᠢ ᠬᠠᠪᠰᠤᠷᠤᠨ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠨᠠᠩ ᠴᠤ ᠪᠥᠬᠦ ᠲᠣᠰᠬᠤᠨ ᠤ ᠠᠷᠠᠳ ᠲᠤ ᠨᠠᠮ ᠪᠠ ᠠᠷᠠᠳ ᠤᠨ ᠵᠠᠰᠠᠭ ᠤᠨ ᠣᠷᠳᠣᠨ ᠤ ᠵᠡᠮᠳᠡᠭᠴᠦᠳ ᠢ ᠬᠠᠶᠢᠷᠠᠯᠠᠨ ᠬᠠᠯᠠᠮᠵᠢᠯᠠᠵᠤ᠂ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号