ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠠᠮ ᠤᠨ ᠪᠠᠶᠢᠭᠤᠯᠤᠯᠲᠠ ᠪᠠ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠱᠠᠯᠠᠪᠳᠠᠭᠤᠯᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/11
        ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠪᠠ ᠲᠣᠭᠤᠷᠢᠭ ᠤᠨ ᠳᠦᠷᠰᠦ ᠪᠠᠶᠢᠳᠠᠯ ᠢ ᠴᠡᠪᠡᠷ ᠲᠡᠭᠰᠢ ᠪᠠᠶᠢᠯᠭᠠᠬᠤ ᠶᠢ ᠦᠨᠡᠨ ᠬᠦ ᠪᠠᠲᠤᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠨᠠᠮ ᠤᠨ ᠪᠠᠶᠢᠭᠤᠯᠤᠯᠲᠠ ᠪᠠ ᠤᠬᠠᠭᠤᠯᠭ᠎ᠠ ᠰᠣᠶᠣᠯ ᠤᠨ ᠪᠠᠶᠢᠭᠤᠯᠤᠯᠲᠠ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢᠨ ᠲᠥᠯᠥᠭᠡ᠃ 3 ᠰᠠᠷ᠎ᠠ ᠶᠢᠨ 5᠎ ᠤ ᠡᠳᠦᠷ ᠠᠴᠠ 6᠎ ᠤ ᠡᠳᠦᠷ ᠪᠣᠯᠲᠠᠯ᠎ᠠ᠂ ᠰᠢᠭᠤᠶᠢᠲᠤ ᠲᠣᠭᠣᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤᠤ ᠵᠢᠦᠢ ᠨᠠᠷ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠡᠯ᠎ᠡ ᠬᠤᠶᠠᠳᠤᠭᠠᠷ ᠳᠡᠰ ᠤᠨ ᠨᠢᠭᠡᠴᠡ ᠳᠤ ᠭᠦᠨᠵᠡᠭᠡᠶᠢᠷᠡᠨ ᠨᠠᠮ ᠤᠨ ᠪᠠᠶᠢᠭᠤᠯᠤᠯᠲᠠ ᠪᠠ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠰᠢᠮᠳᠠᠭᠤᠯᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃
1709799128718000109.png
        ᠲᠣᠰ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠶᠢ ᠭᠤᠣᠯᠳᠠᠭᠤ ᠰᠤᠷᠪᠤᠯᠵᠢᠯᠠᠨ ᠶᠠᠷᠢᠯᠴᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠢᠴᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠥᠷᠨᠢᠭᠦᠯᠪᠡ᠃ ᠰᠤᠷᠪᠤᠯᠵᠢᠯᠠᠨ ᠶᠠᠷᠢᠯᠴᠠᠬᠤ ᠳᠤᠮᠳᠠ᠂ ᠡᠯ᠎ᠡ ᠨᠢᠭᠡᠴᠡ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠵᠢᠷᠤᠮᠵᠢᠭᠤᠯᠬᠤ᠂ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠬᠤ ᠵᠡᠷᠭᠡ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠪᠠ᠃ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠪᠠ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠮᠠᠲ᠋ᠧᠷᠢᠶᠠᠯ ᠢ ᠨᠠᠷᠢᠨ ᠨᠢᠮᠪᠠᠢ ᠪᠠᠶᠢᠴᠠᠭᠠᠨ ᠦᠵᠡᠵᠦ᠂ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ᠂ ᠨᠠᠮ ᠤᠨ ᠪᠠᠶᠢᠭᠤᠯᠤᠯᠲᠠ ᠶᠢᠨ ᠰᠣᠶᠣᠯ ᠤᠨ ᠣᠷᠳᠣ ᠬᠤᠩᠭᠢᠯ᠂ ᠰᠣᠶᠣᠯ ᠤᠨ ᠬᠡᠷᠡᠮ᠂ ᠡᠯᠧᠺᠲᠷᠣᠨ ᠳᠡᠯᠭᠡᠴᠡ᠂ ᠳᠡᠯᠭᠡᠭᠦᠷᠭᠡᠨ ᠦᠵᠡᠭᠦᠯᠭᠡ ᠶᠢᠨ ᠰᠠᠮᠪᠠᠷ᠎ᠠ᠂ ᠪᠣᠰᠤᠭ᠎ᠠ ᠪᠠᠷ ᠤᠬᠠᠭᠤᠯᠬᠤ ᠰᠠᠮᠪᠠᠷ᠎ᠠ ᠪᠣᠰᠬᠠᠬᠤ᠂ ᠡᠪᠳᠡᠭᠳᠡᠭᠰᠡᠨ ᠵᠢᠴᠢ ᠵᠢᠷᠤᠮᠵᠢᠯ ᠦᠭᠡᠢ ᠤᠬᠠᠭᠤᠯᠭ᠎ᠠ ᠶᠢᠨ ᠤᠷᠢᠶ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠪᠦᠲᠦᠭᠡᠯᠴᠢ ᠴᠢᠨᠠᠷᠲᠠᠢ ᠰᠠᠨᠠᠯ ᠪᠠ ᠰᠠᠨᠠᠭᠤᠯᠭ᠎ᠠ ᠳᠤᠷᠠᠳᠴᠤ᠂ ᠲᠠᠷᠠᠭᠠᠴᠢ ᠶᠢᠨ ᠠᠯᠬᠤᠮ ᠤᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃        ᠱᠠᠯᠠᠪᠳᠠᠭᠤᠯᠤᠨ ᠪᠠᠶᠢᠴᠠᠭᠠᠵᠤ ᠳᠠᠭᠤᠰᠪᠠᠯ᠂ ᠬᠤᠤ ᠱᠦᠵᠢ ᠴᠢᠬᠤᠯᠠᠴᠢᠯᠠᠬᠤ ᠳᠠᠭᠠᠨ᠂ ᠨᠢᠭᠡ ᠳᠤ᠂ ᠨᠠᠮ ᠤᠨ ᠪᠠᠶᠢᠭᠤᠯᠤᠯᠲᠠ ᠪᠠ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠪᠠᠶᠢᠭᠤᠯᠤᠯᠲᠠ ᠶᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠣᠨᠴᠠᠯᠢᠭ ᠪᠠ ᠡᠬᠢ ᠪᠠᠶᠠᠯᠢᠭ ᠲᠠᠢ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠰᠣᠶᠣᠯ ᠤᠨ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠬᠤ ᠬᠡᠷᠡᠭᠲᠡᠢ᠃ ᠬᠤᠶᠠᠷ ᠲᠤ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠵᠢᠭᠰᠠᠭᠠᠯ ᠤᠨ ᠭᠠᠵᠠᠷ ᠢᠶᠠᠨ ᠰᠠᠶᠢᠲᠤᠷ ᠰᠠᠬᠢᠵᠤ᠂ ᠡᠩᠨᠡᠭᠡ ᠪᠠᠨ ᠰᠠᠶᠢᠲᠤᠷ ᠬᠠᠮᠢᠶᠠᠷᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠠᠷᠢᠯᠢᠭᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢᠶᠠᠨ ᠴᠢᠩᠭᠠᠳᠬᠠᠵᠤ᠂ ᠪᠣᠳᠠᠲᠠᠶᠢᠵᠢᠭᠤᠯᠵᠤ᠂ ᠠᠮᠢᠳᠤᠯᠢᠭ ᠪᠣᠯᠭᠠᠬᠤ ᠶᠢ ᠲᠠᠰᠤᠷᠠᠯᠲᠠ ᠦᠭᠡᠢ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠨᠡᠨ ᠬᠦ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠠᠭᠤᠷᠢ ᠪᠠᠨ ᠪᠠᠲᠤᠳᠬᠠᠨ ᠰᠦᠭ ᠰᠦᠨᠡᠰᠦ ᠪᠠᠨ ᠴᠣᠭᠴᠠᠯᠠᠬᠤ ᠬᠡᠷᠡᠭᠲᠡᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号