ᠰᠢᠭᠤᠶᠢᠲᠤ  ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽3 · 8︾᠎ ᠤ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠯᠠᠮᠵᠢᠯᠠᠬᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/11
        ︽3 · 8︾᠎ ᠤ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠢ ᠶᠢᠨ ᠥᠮᠡᠨ ᠢ ᠰᠡᠷᠭᠡᠶᠢᠯᠡᠬᠦ ᠤᠬᠠᠮᠰᠠᠷ ᠪᠣᠯᠣᠨ ᠡᠷᠲᠡ ᠣᠨᠣᠰᠢᠯᠠᠨ ᠡᠷᠲᠡ ᠵᠠᠰᠠᠬᠤ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠡᠮᠨᠡᠨ ᠵᠠᠰᠠᠬᠤ ᠪᠠᠷ ᠬᠠᠪᠰᠤᠷᠤᠮᠵᠢ ᠪᠣᠯᠭᠠᠬᠤ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠣᠶ ᠪᠣᠯᠭᠠᠪᠠ᠃ 3 ᠰᠠᠷ᠎ᠠ ᠶᠢᠨ 7᠎ ᠤ ᠡᠳᠦᠷ᠂ ᠰᠢᠭᠤᠶᠢᠲᠤ ᠲᠣᠭᠣᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠦᠨᠳᠦᠰᠦᠨ ᠱᠠᠲᠤᠨ ᠤ ᠡᠯ᠎ᠡ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠭᠠᠩ ᠹᠠᠩ ᠭᠠᠵᠠᠷ᠂ ᠬᠠᠶᠢᠯᠠᠰᠤᠨ ᠮᠣᠳᠣ ᠵᠡᠷᠭᠡ ᠭᠠᠵᠠᠷ ᠲᠤ ᠭᠦᠨᠵᠡᠭᠡᠶᠢᠷᠡᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠵᠢᠴᠢ ︽ᠭᠤᠷᠪᠠᠨ ᠰᠠᠷ᠎ᠠ ᠶᠢᠨ ᠨᠠᠢᠮᠠᠨ︾᠎ ᠤ ᠡᠷᠡᠭᠦᠯ ᠮᠡᠨᠳᠦ ᠶᠢ ᠬᠠᠯᠠᠮᠵᠢᠯᠠᠬᠤ ᠰᠠᠶᠢᠨ ᠳᠤᠷ᠎ᠠ ᠶᠢᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃
        ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠡᠮᠴᠢ ᠰᠤᠪᠢᠯᠠᠭᠴᠢᠳ ᠡᠮᠡᠭᠲᠡᠢ ᠨᠠᠶᠢᠵᠠ ᠨᠠᠷ ᠢ ᠬᠥᠲᠥᠯᠥᠨ ᠵᠢᠯᠤᠭᠤᠳᠴᠤ ᠪᠠᠶᠢᠭᠠᠳ ᠡᠮᠬᠢ ᠵᠢᠷᠤᠮ ᠲᠠᠢ ᠪᠠᠷ ᠮᠥᠷᠯᠡᠭᠦᠯᠵᠦ᠂ ᠮᠡᠳᠡᠭᠡ ᠵᠠᠩᠭᠢ ᠶᠢ ᠳᠡᠩᠰᠡᠯᠡᠨ ᠲᠡᠮᠳᠡᠭᠯᠡᠵᠦ᠂ ᠲᠥᠷᠥᠯ ᠵᠦᠢᠯ ᠢ ᠰᠢᠭᠰᠢᠨ ᠪᠠᠶᠢᠴᠠᠭᠠᠬᠤ ᠶᠢ ᠪᠡᠶᠡᠯᠡᠭᠦᠯᠪᠡ᠃ ᠰᠢᠭᠰᠢᠨ ᠪᠠᠶᠢᠴᠠᠭᠠᠬᠤ ᠶᠠᠪᠤᠴᠠ ᠳᠤ᠂ ᠡᠮᠨᠡᠯᠭᠡ ᠶᠢᠨ ᠠᠵᠢᠯᠲᠠᠳ ᠬᠠᠯᠠᠭᠤᠮᠰᠤᠭ ᠢᠶᠠᠷ ᠲᠤᠰᠬᠠᠢ ᠮᠡᠷᠭᠡᠵᠢᠯ ᠢᠶᠠᠷ ᠡᠮᠡᠭᠲᠡᠢ ᠨᠠᠶᠢᠵᠠ ᠨᠠᠷ ᠲᠤ ︽ᠰᠠᠪᠠᠨ ᠬᠦᠵᠦᠭᠦᠨ ᠤ ᠦᠮᠡᠨ ᠬᠥᠬᠦᠨ ᠪᠤᠯᠴᠢᠷᠬᠠᠢ ᠶᠢᠨ ᠦᠮᠡᠨ ᠰᠠᠪᠠᠨ ᠬᠦᠵᠦᠭᠦᠨ ᠤ ᠦᠮᠡᠨ ᠬᠥᠬᠦᠨ ᠪᠤᠯᠴᠢᠷᠬᠠᠢ ᠶᠢᠨ ᠥᠮᠡᠨ︾᠎ ᠤ ᠬᠠᠮᠢᠶ᠎ᠠ ᠪᠦᠬᠦᠢ ᠡᠪᠡᠳᠴᠢᠨ ᠤ ᠪᠠᠶᠢᠳᠠᠯ ᠪᠠ ᠡᠮᠦᠨᠡᠬᠢ ᠬᠤᠭᠤᠴᠠᠭᠠᠨ ᠤ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠡᠮᠡᠭᠲᠡᠢ ᠶᠢᠨ ᠰᠠᠯᠠᠭᠠᠨ ᠤ ᠡᠪᠡᠳᠴᠢᠨ ᠡᠮᠭᠡᠭ ᠢ ᠰᠡᠷᠭᠡᠶᠢᠯᠡᠬᠦ᠂ ᠪᠠᠶᠢᠩᠭᠤ ᠲᠣᠬᠢᠶᠠᠯᠳᠤᠳᠠᠭ ᠡᠪᠡᠳᠴᠢᠨ ᠡᠮᠭᠡᠭ ᠢ ᠰᠡᠷᠭᠡᠶᠢᠯᠡᠬᠦ᠂ ᠡᠮᠡᠭᠲᠡᠶᠢᠴᠦᠳ ᠤᠨ ᠡᠷᠡᠭᠦᠯ ᠮᠡᠨᠳᠦ᠂ ᠹᠢᠽᠢᠣᠯᠣᠭᠢ ᠶᠢᠨ ᠡᠷᠡᠭᠦᠯ ᠮᠡᠨᠳᠦ᠂ ᠵᠢᠷᠮᠦᠰᠦᠯᠡᠬᠦ ᠠᠴᠠ ᠡᠮᠦᠨᠡᠬᠢ ᠴᠢᠭᠢᠷᠠᠭ ᠬᠡᠦᠬᠡᠳ ᠢ ᠵᠢᠯᠤᠭᠤᠳᠬᠤ ᠪᠠ ᠰᠡᠳᠬᠢᠴᠡ ᠶᠢᠨ ᠵᠣᠬᠢᠴᠠᠭᠤᠯᠤᠯᠲᠠ ᠵᠡᠷᠭᠡ ᠲᠠᠯ᠎ᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠲᠣᠭᠲᠠᠮᠠᠯ ᠬᠤᠭᠤᠴᠠᠭ᠎ᠠ ᠲᠠᠢ ᠪᠠᠷ ᠰᠢᠭᠰᠢᠨ ᠪᠠᠶᠢᠴᠠᠭᠠᠬᠤ ᠲᠥᠷᠥᠯ ᠵᠦᠢᠯ ᠳᠤ ᠣᠷᠣᠯᠴᠠᠵᠤ᠂ ᠡᠷᠲᠡ ᠰᠡᠷᠭᠡᠶᠢᠯᠡᠬᠦ᠂ ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ᠶᠢ ᠰᠠᠨᠠᠭᠤᠯᠪᠠ᠃        ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡ ᠪᠠ ᠡᠷᠡᠭᠦᠯ ᠮᠡᠨᠳᠦ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠᠷ ᠳᠠᠮᠵᠢᠭᠤᠯᠤᠨ᠂ ᠨᠠᠩ ᠣᠯᠠᠨ ᠡᠮᠡᠭᠲᠡᠢ ᠨᠠᠶᠢᠵᠠ ᠨᠠᠷ ᠢ ᠥᠪᠡᠷ ᠤᠨ ᠡᠷᠡᠭᠦᠯ ᠮᠡᠨᠳᠦ ᠪᠠᠨ ᠨᠠᠩ ᠴᠢᠬᠤᠯᠠᠴᠢᠯᠠᠵᠤ᠂ ︽ᠥᠪᠡᠷ ᠢ ᠪᠠᠨ ᠣᠨᠣᠰᠢᠯᠠᠬᠤ︾᠎ ᠶᠢ ᠰᠤᠷᠴᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠡᠷᠲᠡ ᠣᠨᠣᠰᠢᠯᠠᠬᠤ᠂ ᠡᠷᠲᠡ ᠢᠯᠡᠷᠡᠭᠦᠯᠬᠦ᠂ ᠡᠷᠲᠡ ᠰᠡᠷᠭᠡᠶᠢᠯᠡᠬᠦ᠂ ᠡᠷᠲᠡ ᠡᠮᠨᠡᠨ ᠵᠠᠰᠠᠬᠤ ᠶᠢ ᠪᠡᠶᠡᠯᠡᠭᠦᠯᠵᠦ᠂ ᠡᠷᠡᠭᠦᠯ ᠮᠡᠨᠳᠦ ᠶᠢᠨ ᠤᠬᠠᠮᠰᠠᠷ ᠢᠶᠠᠨ ᠳᠡᠭᠡᠭᠰᠢᠯᠡᠭᠦᠯᠦᠨ᠂ ᠠᠮᠢᠳᠤᠷᠠᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
1709799233719017479.jpg
        ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠣᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠬᠤᠶᠠᠷ ᠥᠮᠡᠨ︾᠎ ᠢ ᠰᠢᠭᠰᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠠᠵᠢᠯᠯᠠᠭ᠎ᠠ ᠶᠢ ᠪᠠᠶᠢᠩᠭᠤ ᠡᠷᠭᠢᠯᠡᠵᠦ᠂ ᠥᠷᠭᠡᠨ ᠣᠯᠠᠨ ᠦᠨᠳᠦᠰᠦᠨ ᠱᠠᠲᠤᠨ ᠤ ᠡᠮᠡᠭᠲᠡᠢ ᠨᠠᠶᠢᠵᠠ ᠨᠠᠷ ᠲᠤ ᠡᠷᠡᠭᠦᠯ ᠮᠡᠨᠳᠦ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠡᠮᠡᠭᠲᠡᠢ ᠨᠠᠶᠢᠵᠠ ᠶᠢᠨ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠲᠠᠰᠤᠷᠠᠯᠲᠠ ᠦᠭᠡᠢ ᠠᠬᠢᠭᠤᠯᠵᠤ᠂ ᠡᠷᠡᠭᠦᠯ ᠴᠢᠭᠢᠷᠠᠭ ᠪᠡᠶ᠎ᠡ ᠮᠠᠬᠠᠪᠤᠳ᠂ ᠭᠦᠢᠴᠡᠳ ᠣᠶᠤᠨ ᠴᠢᠳᠠᠯ ᠢᠶᠠᠨ ᠡᠳᠦᠷ ᠲᠤᠲᠤᠮ ᠤᠨ ᠠᠵᠢᠯ ᠪᠠ ᠠᠮᠢᠳᠤᠷᠠᠯ ᠳᠤ ᠵᠣᠷᠢᠭᠤᠯᠬᠤ ᠪᠠᠷ ᠪᠠᠶᠢᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号