ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ
ᠨᠡᠶᠢᠲᠡᠯᠡᠭᠰᠡᠨ ᠴᠠᠭ᠄
2024/3/11
        ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠵᠢᠭᠠᠵᠤ ᠭᠠᠷᠭᠠᠭᠰᠠᠨ ᠨᠢ᠄ ︽ᠶᠠᠮᠠᠷ ᠬᠥᠮᠥᠨ ᠢ ᠬᠥᠮᠥᠵᠢᠭᠦᠯᠬᠦ᠂ ᠬᠥᠮᠥᠨ ᠢ ᠬᠡᠷᠬᠢᠨ ᠬᠥᠮᠥᠵᠢᠭᠦᠯᠬᠦ᠂ ᠬᠡᠨ ᠤ ᠲᠥᠯᠥᠭᠡ ᠬᠥᠮᠥᠨ ᠢ ᠬᠥᠮᠥᠵᠢᠭᠦᠯᠬᠦ ᠪᠣᠯ ᠰᠤᠷᠭᠠᠨ ᠬᠥᠮᠦᠵᠢᠯ ᠤᠨ ᠦᠨᠳᠦᠰᠦᠨ ᠠᠰᠠᠭᠤᠳᠠᠯ ᠮᠥᠨ︾ ᠭᠡᠵᠡᠢ᠃  ᠰᠢᠭᠤᠢᠲᠤ ᠲᠣᠭᠤᠷᠢᠭ ᠤᠨ ᠰᠤᠷᠭᠠᠨ ᠬᠥᠮᠦᠵᠢᠯ ᠎ ᠤᠨ ᠰᠢᠰᠲ᠋ᠧᠮ ᠨᠢ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠰᠠᠬᠢᠵᠤ᠂  ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠦᠨ ᠲᠣᠪᠴᠢᠶ᠎ᠠ ᠨᠢ︽ᠨᠠᠮ ᠤᠨ ᠠᠴᠢ ᠶᠢ ᠣᠶᠢᠯᠠᠭᠠᠵᠤ᠂ ᠨᠠᠮ ᠤᠨ ᠦᠭᠡ ᠶᠢ ᠰᠣᠨᠣᠰᠴᠤ᠂ ᠨᠠᠮ ᠢ ᠳᠠᠭᠠᠬᠤ︾ ᠭᠤᠣᠯ ᠰᠡᠳᠦᠪ ᠦᠨ ᠲᠣᠭᠤᠷᠢᠨ ᠳᠤ᠂ ᠪᠦᠬᠦ  ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ  ᠰᠢᠨ᠎ᠡ ᠶᠢ ᠡᠭᠦᠳᠬᠦ ᠪᠠ ᠪᠣᠳᠠᠲᠤ ᠦᠷ᠎ᠡ ᠪᠦᠲᠦᠮᠵᠢ ᠰᠠᠶᠢᠲᠠᠢ ᠠᠯᠢ ᠣᠯᠠᠨ ᠣᠯᠠᠨ ᠲᠦᠮᠡᠨ ᠤ ᠰᠤᠷᠭᠠᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠨ ᠵᠣᠬᠢᠶᠠᠨ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠠᠶᠢᠷ᠎ᠠ ᠬᠠᠯᠠᠮᠵᠢ ᠶᠢ ᠳᠠᠮᠵᠢᠭᠤᠯᠵᠤ᠂  ᠪᠠᠭᠰᠢ ᠰᠤᠷᠤᠭᠴᠢᠳ ᠲᠤ ᠨᠠᠮ ᠤᠨ ᠬᠠᠶᠢᠷ᠎ᠠ ᠬᠠᠯᠠᠮᠵᠢ ᠶᠢ ᠨᠡᠩ ᠭᠦᠨᠵᠡᠭᠡᠢ ᠣᠶᠢᠯᠠᠭᠠᠵᠤ᠂ ᠬᠦᠰᠡᠯᠡᠩ ᠢᠲᠡᠭᠡᠯ ᠵᠣᠷᠢᠭ ᠢᠶᠠᠨ ᠨᠡᠩ ᠪᠠᠲᠤᠳᠭᠠᠪᠠ᠃        ︽ᠬᠥᠭᠵᠢᠭᠦᠯᠦᠨ ᠮᠠᠨᠳᠤᠭᠤᠯᠬᠤ + ᠦᠢᠯᠡᠳᠦᠯᠭᠡ︾᠎ ᠶᠢᠨ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠪᠣᠳᠠᠲᠠᠶᠢᠵᠢᠭᠤᠯᠪᠠ᠃ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠦᠨ ᠲᠣᠪᠴᠢᠶ᠎ᠠ︽ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ︵2024 - 2026 ᠣᠨ︶ ᠎ ᠤ ᠠᠵᠢᠯᠯᠠᠭ᠎ᠠ ᠶᠢᠨ ᠲᠥᠰᠥᠯ︾ ᠪᠠ 25 ᠢᠵᠢ ᠪᠦᠷᠢᠳᠦᠭᠦᠯᠬᠦ ᠲᠥᠰᠥᠯ ᠵᠢᠴᠢ ᠨᠠᠷᠢᠨ ᠳᠦᠷᠢᠮ ᠢ ᠲᠣᠭᠲᠠᠭᠠᠵᠤ᠂ ᠡᠯ᠎ᠡ ᠰᠤᠷᠭᠠᠭᠤᠯᠢ ᠬᠠᠷᠢᠭᠤᠴᠠᠯᠭ᠎ᠠ ᠶᠢᠨ ᠬᠠᠷᠠᠯᠲᠠ ᠪᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤ ᠪᠠ᠃ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠲᠤ ᠲᠦᠰᠢᠭᠯᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠤᠷᠢᠳ ᠢᠶᠠᠷ ᠰᠤᠷᠤᠯᠴᠠᠬᠤ ᠶᠢ ᠠᠬᠢᠭᠤᠯᠪᠠ᠃ ᠥᠷᠭᠡᠨ ᠣᠯᠠᠨ ᠪᠠᠭᠰᠢ ᠰᠤᠷᠤᠭᠴᠢ ᠪᠣᠯᠣᠨ ᠭᠡᠷ ᠤᠨ ᠠᠬᠠᠮᠠᠳ ᠲᠤ ᠨᠠᠮ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠬᠦ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠪᠥᠬᠦ  ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠳᠤ ︿ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ﹀ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠲᠠᠷᠬᠠᠭᠠᠪᠠ᠃ ᠲᠣᠰ ᠲᠥᠰᠥᠯ ᠳᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠪᠠᠭᠰᠢ ᠶᠢᠨ ᠡᠩᠨᠡᠭᠡᠨ ᠤ ᠠᠵᠢᠯ ᠬᠢᠵᠦ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠵᠡᠷᠭᠡ 8 ᠶᠡᠭᠡ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠲᠣᠭᠲᠠᠭᠠᠵᠠᠢ᠃ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠠᠷᠢᠭᠤᠴᠠᠯᠭᠠᠲᠠᠨ ᠦᠨᠳᠦᠰᠦᠨ ᠱᠠᠲᠤᠨ ᠳᠤ ᠭᠦᠨᠵᠡᠭᠡᠶᠢᠷᠡᠨ 731 ᠬᠥᠮᠥᠨ ᠤᠳᠠᠭ᠎ᠠ ᠣᠯᠠᠨ ᠲᠦᠮᠡᠨ ᠲᠠᠢ ᠬᠠᠷᠢᠯᠴᠠᠵᠤ᠂ 20 ᠭᠠᠷᠤᠢ ᠤᠳᠠᠭ᠎ᠠ ᠪᠠᠭᠰᠢ ᠶᠢᠨ ᠭᠡᠷ ᠲᠤ ᠰᠣᠷᠪᠤᠯᠵᠢᠯᠠᠭ᠎ᠠ ᠬᠢᠵᠦ᠂ 15 ᠬᠤᠪᠢ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ 30 ᠭᠠᠷᠤᠢ ᠨᠡᠶᠢᠭᠡᠮ ᠲᠣᠭᠤᠷᠢᠭ ᠤᠨ ᠬᠦᠴᠢᠷᠳᠡᠯᠲᠡᠢ ᠣᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ ᠪᠠᠭᠰᠢ ᠰᠤᠷᠤᠭᠴᠢᠳ ᠤᠨ ᠭᠡᠷ ᠤᠨ ᠠᠬᠠᠮᠠᠳ ᠤᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠲᠡᠳᠡᠨ ᠢ ᠨᠠᠩ ᠣᠯᠠᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠲᠠᠢ ᠪᠣᠯᠭᠠᠪᠠ᠃          ︽ᠦᠯᠢᠭᠡᠷ ᠳᠠᠭᠤᠷᠢᠶᠠᠯ + ᠦᠯᠢᠭᠡᠷ︾ ᠰᠤᠷᠭᠠᠨ ᠬᠥᠮᠦᠵᠢᠯ ᠦᠨ ᠳᠦᠷᠢ ᠲᠥᠷᠬᠦ ᠶᠢ  ᠱᠤᠭᠤᠶ᠎ᠠ᠃ ᠠᠵᠢᠯᠯᠠᠭ᠎ᠠ ᠶᠢᠨ ᠳᠤᠮᠳᠠ᠂ ᠰᠢᠭᠤᠶᠢᠲᠤ  ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠠᠰᠠ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠬᠤ ᠶᠢ ᠣᠨᠴᠠᠭᠠᠶᠢᠯᠠᠨ ᠴᠢᠬᠤᠯᠠᠴᠢᠯᠠᠵᠤ᠂ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾᠎ ᠤᠨ 8 ᠬᠥᠮᠥᠨ ᠢ ᠰᠢᠯᠭᠠᠷᠠᠭᠤᠯᠤᠭᠰᠠᠨ ᠪᠥᠭᠡᠳ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠤᠨ ᠦᠢᠯᠡ ᠠᠵᠢᠯᠯᠠᠭ᠎ᠠ ᠶᠢᠨ ᠦᠵᠡᠭᠦᠯᠭᠡ︾᠎ ᠶᠢᠨ ᠤᠬᠠᠭᠤᠯᠭ᠎ᠠ ᠶᠢᠨ ᠲᠤᠰᠬᠠᠢ ᠪᠤᠯᠤᠩ ᠢᠶᠠᠷ ᠳᠠᠮᠵᠢᠭᠤᠯᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠨᠡᠶᠢᠲᠡᠯᠡᠵᠦ᠂ ᠰᠤᠷᠤᠭᠴᠢᠳ ᠤᠨ ᠳᠤᠮᠳᠠ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠦᠵᠡᠭᠦᠯᠵᠡᠢ᠃ ︽ᠳᠡᠷᠭᠡᠳᠡᠬᠢ ᠥᠯᠢᠭᠡᠷ ᠳᠠᠭᠤᠷᠢᠶᠠᠯ ᠢᠶᠠᠷ ᠬᠡᠯᠡᠬᠦ︾ ᠠᠵᠢᠯᠯᠠᠭ᠎ᠠ ᠶᠢ ᠥᠷᠨᠢᠭᠦᠯᠵᠦ᠂ ᠪᠥᠬᠦ ᠤᠯᠤᠰ ᠤᠨ ︽ᠬᠠᠮᠤᠭ ᠤᠨ ᠭᠤᠶᠣ ᠪᠠᠭᠰᠢ︾ ᠸᠠᠩ ᠸᠧᠨ ᠱᠠᠨ ᠠᠴᠠ ᠰᠤᠷᠤᠯᠴᠠᠵᠤ᠂ ᠬᠤᠲᠠ ᠶᠢᠨ ᠲᠠᠰ ᠤᠨ 13 ᠰᠢᠯᠢᠳᠡᠭ ᠪᠠᠭᠰᠢ᠂ 50  ᠲᠣᠭᠤᠷᠢᠭ ᠤᠨ ᠲᠠᠰ ᠤᠨ ᠰᠢᠯᠢᠳᠡᠭ ᠪᠠᠭᠰᠢ᠂ ᠬᠤᠲᠠ ᠶᠢᠨ ᠲᠠᠰ ᠤᠨ 4 ᠰᠢᠯᠢᠳᠡᠭ ᠡᠪ ᠬᠠᠮᠲᠤ ᠨᠠᠮ ᠤᠨ ᠭᠡᠰᠢᠭᠦᠨ ᠢ ᠰᠣᠩᠭᠤᠨ ᠭᠠᠷᠭᠠᠵᠤ᠂ ᠥᠷᠭᠡᠨ ᠣᠯᠠᠨ ᠪᠠᠭᠰᠢ ᠨᠠᠷ ᠲᠠᠢ ᠲᠤᠷᠰᠢᠯᠭ᠎ᠠ ᠪᠠᠨ ᠰᠣᠯᠢᠯᠴᠠᠨ ᠬᠤᠪᠢᠶᠠᠯᠴᠠᠵᠤ᠂ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠰᠠᠶᠢᠨ ᠳᠠᠭᠤᠷᠢᠶᠠᠯ ᠢ ᠪᠣᠶ ᠪᠣᠯᠭᠠᠵᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃        ︽ᠬᠢᠴᠢᠶᠡᠯ ᠤᠨ ᠲᠠᠩᠬᠢᠮ +ᠰᠠᠭᠤᠷᠢᠨ ᠭᠠᠵᠠᠷ︾᠎ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠠᠮᠢᠳᠤᠯᠢᠭ ᠡᠬᠢᠯᠡᠪᠡ᠃ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠨ ᠬᠥᠮᠦᠵᠢᠯ ᠤᠨ ᠠᠷᠭ᠎ᠠ ᠮᠠᠶᠢᠭ ᠪᠠ ᠠᠷᠭ᠎ᠠ ᠪᠠᠷᠢᠯ ᠢ ᠲᠠᠰᠤᠷᠠᠯᠲᠠ ᠦᠭᠡᠢ  ᠰᠢᠨ᠎ᠡ ᠶᠢ ᠡᠭᠦᠳᠴᠦ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠠᠮᠢᠳᠤᠯᠢᠭ ᠪᠣᠯᠭᠠᠶ᠎ᠠ᠃ ︽ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠠᠵᠢᠯ ᠤᠨ ᠲᠥᠰᠥᠯ︾᠎ ᠢ ᠲᠣᠭᠲᠠᠭᠠᠵᠤ᠂ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠨ᠂ ᠵᠢᠭᠠᠨ ᠰᠤᠷᠭᠠᠯᠲᠠ ᠶᠢᠨ ᠡᠬᠢ ᠪᠠᠶᠠᠯᠢᠭ᠂ ᠰᠤᠷᠭᠠᠨ ᠬᠥᠮᠦᠵᠢᠯ ᠤᠨ ᠠᠷᠭ᠎ᠠ ᠮᠠᠶ᠋ᠢᠭ᠂ ᠬᠢᠴᠢᠶᠡᠯ ᠤᠨ ᠵᠢᠭᠠᠨ ᠰᠤᠷᠭᠠᠯᠲᠠ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠰᠤᠷᠭᠠᠭᠤᠯᠢ ᠪᠠᠰᠠ ︽ᠤᠯᠠᠭᠠᠨ ᠠᠨᠠᠷ · ᠪᠢᠴᠢᠯ ᠬᠢᠴᠢᠶᠡᠯ ᠤᠨ ᠲᠠᠩᠬᠢᠮ︾ ᠵᠡᠷᠭᠡ ᠣᠯᠠᠨ ᠬᠡᠯᠪᠡᠷᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠠᠵᠢᠯᠯᠠᠭ᠎ᠠ ᠶᠢ ᠰᠢᠨ᠎ᠡ ᠪᠠᠷ ᠡᠭᠦᠳᠦᠨ ᠬᠡᠷᠡᠭᠵᠢᠭᠦᠯᠪᠡ᠃ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠪᠣᠯᠣᠨ ᠰᠤᠷᠤᠭᠴᠢᠳ ᠤᠨ ᠠᠮᠢᠳᠤᠷᠠᠯ ᠤᠨ ᠪᠣᠳᠠᠲᠤ ᠪᠠᠶᠢᠳᠠᠯ ᠢ ᠤᠶᠠᠯᠳᠤᠭᠤᠯᠵᠤ᠂ ᠰᠤᠷᠤᠭᠴᠢᠳ ᠤᠨ ᠦᠵᠡᠵᠦ ᠰᠣᠨᠣᠰᠬᠤ ᠳᠤᠷᠠᠲᠠᠢ ᠬᠡᠯᠪᠡᠷᠢ ᠪᠠᠷ ᠨᠠᠮ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ︽ᠵᠢᠷᠭᠤᠭᠠᠨ ᠥᠭᠦᠯᠡᠪᠦᠷᠢ︾᠎ ᠶᠢᠨ ᠪᠣᠳᠠᠲᠤ ᠬᠡᠷᠡᠭ ᠪᠠ ᠶᠣᠰᠣ ᠵᠦᠢ᠂ ︽ᠨᠢᠭᠡ ᠳᠠᠩᠰᠠ︾᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠵᠡᠷᠭᠡ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠯᠤᠭ᠎ᠠ ᠠᠭᠤᠰᠤᠯᠴᠠᠭᠤᠯᠤᠨ ᠨᠡᠪᠲᠡᠷᠡᠭᠦᠯᠦᠨ᠎ᠡ᠃ ᠦᠵᠡᠭᠳᠡᠯ ᠢᠶᠠᠷ ᠳᠠᠬᠢᠨ ᠢᠯᠡᠷᠡᠭᠦᠯᠬᠦ᠂ ᠦᠯᠢᠭᠡᠷ ᠢ ᠳᠡᠯᠭᠡᠷᠡᠭᠦᠯᠬᠦ ᠵᠡᠷᠭᠡ ᠰᠤᠷᠤᠭᠴᠢᠳ ᠤᠨ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠠᠪᠴᠢᠷᠠᠬᠤ︾᠂ ︽ᠬᠠᠮᠤᠭ ᠤᠨ ᠰᠠᠶᠢᠨ ᠮᠠᠯᠵᠢᠯ ᠤᠨ ᠲᠠᠯᠠᠪᠠᠢ ᠶᠢ ᠰᠠᠨᠰᠠᠷ ᠤᠨ ᠠᠶᠠᠯᠠᠯ︾ ᠵᠡᠷᠭᠡ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ ᠥᠷᠭᠡᠳᠬᠡᠬᠦ ᠪᠠ ᠤᠷᠲᠤᠳᠬᠠᠬᠤ ᠰᠢᠨ᠎ᠡ ᠠᠷᠭ᠎ᠠ ᠵᠠᠮ᠃ 2024 ᠣᠨ ᠤ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠤᠯᠠᠷᠢᠯ ᠳᠤ᠂ ︽ᠤᠮᠠᠷᠠᠲᠤ ᠬᠢᠯᠢ ᠶᠢᠨ ᠰᠤᠷᠭᠠᠨ ᠬᠥᠮᠦᠵᠢᠯ ᠨᠠᠮ ᠢᠶᠠᠨ ᠬᠠᠶᠢᠷᠠᠯᠠᠬᠤ - ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠣᠷᠣᠬᠤ ᠠᠵᠢᠯᠯᠠᠭ᠎ᠠ ᠶᠢ ᠥᠷᠨᠢᠭᠦᠯᠵᠦ᠂ ᠪᠦᠬᠦ  ᠲᠣᠭᠤᠷᠢᠭ ᠤᠨ 2000 ᠰᠢᠬᠠᠮ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠠᠳᠠᠯᠢ ᠴᠠᠭ ᠲᠤ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠭᠡᠷ ᠪᠦᠯᠢ ᠶᠢᠨ ᠠᠮᠢᠳᠤᠷᠠᠯ ᠪᠣᠯᠣᠨ ᠥᠰᠦᠨ ᠪᠣᠶᠢᠵᠢᠬᠤ ᠣᠷᠴᠢᠨ ᠲᠣᠭᠤᠷᠢᠨ ᠳᠤ ᠡᠭᠦᠰᠦᠭᠰᠡᠨ ᠰᠢᠨ᠎ᠡ ᠬᠤᠪᠢᠷᠠᠯᠲᠠ ᠶᠢ ᠲᠥᠷᠥᠭᠳᠡᠪᠡ᠃ ᠪᠦᠦ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠪᠠᠭᠰᠢ ᠰᠤᠷᠤᠭᠴᠢᠳ ᠲᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠰᠤᠷᠭᠠᠭᠤᠯᠢ ᠶᠢᠨ ᠬᠦᠷᠢᠶᠡᠨ ᠤ ᠬᠢᠴᠢᠶᠡᠯ ᠤᠨ ᠳᠡᠪᠲᠡᠷ ᠤᠨ ᠵᠦᠴᠦᠭᠡ ᠪᠠ ︽ᠵᠠᠯᠠᠭᠤ ᠨᠠᠰᠤᠨ ᠤ ᠰᠡᠳᠬᠢᠯ ᠨᠠᠮ ᠢᠶᠠᠨ ᠲᠠᠭᠠᠨ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠰᠢᠭᠤᠶᠢᠲᠤ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ᠂ ᠰᠦ᠋ ᠮᠧᠩ ᠲᠤᠷᠰᠢᠯᠲᠠ ᠶᠢᠨ ᠰᠤᠷᠭᠠᠭᠤᠯᠢ ︽ᠤᠮᠠᠷᠠᠲᠤ ᠬᠢᠯᠢ ᠶᠢᠨ ᠰᠤᠷᠭᠠᠨ ᠬᠥᠮᠦᠵᠢᠯ ᠤᠨ ᠰᠡᠳᠬᠢᠯ ᠨᠠᠮ ᠢᠶᠠᠨ ᠲᠠᠭᠠᠨ ᠤᠷᠤᠭᠰᠢᠯᠠᠵᠤ᠂ ᠬᠤᠪᠢᠰᠬᠠᠯᠲᠤ ᠵᠠᠯᠠᠭᠤ ᠨᠠᠰᠤᠨ ᠤ ᠭᠡᠷᠡᠯ ᠰᠠᠴᠤᠷᠠᠩᠭᠤᠢ ᠦᠵᠡᠰᠬᠦᠯᠡᠩ︾ ᠪᠠᠭᠰᠢ ᠰᠤᠷᠤᠭᠴᠢᠳ ᠤᠨ ᠰᠣᠯᠢᠯᠴᠠᠭᠠᠨ ᠤ ᠬᠤᠷᠠᠯ ᠬᠢᠵᠦ᠂  ᠰᠢᠨ᠎ᠡ ᠰᠢᠭᠤᠶᠢᠲᠤ ᠪᠠᠭ᠎ᠠ ᠰᠤᠷᠭᠠᠭᠤᠯᠢ᠂ ᠰᠢᠭᠤᠶᠢᠲᠤ ᠪᠠᠭ᠎ᠠ ᠰᠤᠷᠭᠠᠭᠤᠯᠢ ︽ᠬᠡᠦᠬᠡᠳ ᠰᠡᠳᠬᠢᠯ ᠨᠠᠮ ᠢᠶᠠᠨ ᠲᠠᠭᠠᠨ ᠰᠤᠷᠤᠯᠴᠠᠵᠤ᠂ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠬᠤ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ᠃        ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠢᠭᠤᠶᠢᠲᠤ ᠭᠠᠵᠠᠷ ᠢ ᠬᠥᠭᠵᠢᠭᠦᠯᠦᠨ ᠮᠠᠨᠳᠤᠭᠤᠯᠬᠤ ᠰᠤᠷᠭᠠᠨ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠠᠭᠤᠯᠭ᠎ᠠ ᠪᠠ ᠬᠡᠯᠪᠡᠷᠢ ᠶᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠵᠦ᠂ ᠰᠤᠷᠭᠠᠨ ᠬᠥᠮᠦᠵᠢᠯ ᠤᠨ ᠠᠷᠭ᠎ᠠ ᠮᠠᠶ᠋ᠢᠭ ᠪᠠ ᠠᠷᠭ᠎ᠠ ᠪᠠᠷᠢᠯ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠨ᠎ᠡ᠃ ᠦᠷᠭᠦᠯᠵᠢᠯᠡᠨ ᠰᠤᠷᠭᠠᠭᠤᠯᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠪᠠᠲᠤ ᠪᠠᠬᠢ ᠪᠤᠢ ᠪᠣᠯᠭᠠᠬᠤ ᠭᠤᠣᠯ ᠵᠢᠭᠰᠠᠭᠠᠯ ᠤᠨ ᠭᠠᠵᠠᠷ ᠪᠣᠯᠭᠠᠵᠤ᠂ ᠰᠤᠷᠤᠭᠴᠢᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ᠂ ᠪᠠᠭᠰᠢ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠰᠤᠷᠭᠠᠭᠤᠯᠢ ᠶᠢᠨ ᠰᠣᠶᠣᠯ ᠤᠨ ᠪᠠᠶᠢᠭᠤᠯᠤᠯᠲᠠ ᠪᠣᠯᠣᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠃ ᠡᠳᠡᠭᠡᠷ ᠠᠵᠢᠯᠯᠠᠭ᠎ᠠ ᠪᠠᠷ ᠳᠠᠮᠵᠢᠨ᠂ ᠥᠷᠭᠡᠨ ᠤᠯᠠᠨ ᠪᠠᠭᠰᠢ ᠰᠤᠷᠤᠭᠴᠢᠳ ᠪᠣᠯᠣᠨ ᠭᠡᠷ ᠤᠨ ᠠᠬᠠᠮᠠᠳ ᠨᠠᠮ ᠤᠨ ᠠᠭᠤᠤ ᠶᠡᠭᠡ ᠪᠠ ᠡᠷᠬᠢᠮ ᠳᠡᠭᠡᠳᠦ ᠭᠡᠳᠡᠭ ᠢ ᠨᠡᠩ ᠭᠦᠨᠵᠡᠭᠡᠢ ᠲᠠᠨᠢᠵᠤ᠂ ᠨᠠᠮ ᠢᠶᠠᠨ ᠳᠠᠭᠠᠬᠤ ᠢᠲᠡᠭᠡᠯ ᠵᠣᠷᠢᠭ ᠢᠶᠠᠨ ᠨᠡᠩ ᠪᠠᠲᠤᠳᠬᠠᠪᠠ᠃ ᠰᠢᠭᠤᠶᠢᠲᠤ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠵᠦ᠂ ᠰᠢᠭᠤᠶᠢᠲᠤ ᠣᠷᠣᠨ ᠤ ᠬᠡᠦᠬᠡᠳ ᠢ ᠨᠠᠩ ᠣᠯᠠᠨ ᠬᠥᠮᠥᠨ ᠤ ᠠᠮᠢᠳᠤᠷᠠᠯ ᠤᠨ ᠬᠡᠷᠡᠯ ᠭᠢᠯᠪᠠᠭ᠎ᠠ ᠪᠠᠨ ᠰᠠᠴᠤᠷᠠᠭᠤᠯᠬᠤ ᠠᠵᠠ ᠲᠣᠬᠢᠶᠠᠯ ᠲᠠᠢ ᠪᠣᠯᠭᠠᠨ᠎ᠠ ᠭᠡᠳᠡᠭ ᠢ ᠪᠢᠳᠡ ᠢᠲᠡᠭᠡᠵᠦ ᠪᠠᠶᠢᠨ᠎ᠠ ᠭᠡᠵᠡᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号