ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠶᠢᠨ ᠬᠤᠷᠠᠯ ᠬᠦᠬᠡᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/3/11
        2 ᠰᠠᠷ᠎ᠠ ᠶᠢᠨ 27᠎ ᠤ ᠡᠳᠦᠷ᠂ ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃
1709111598346041838.jpg
1709111598375037204.jpg
1709111598418008792.jpg
        ᠬᠤᠷᠠᠯ ᠠᠴᠠ ᠵᠢᠭᠠᠵᠤ ᠭᠠᠷᠭᠠᠭᠰᠠᠨ ᠨᠢ᠂ 2023 ᠣᠨ ᠳᠤ᠂ ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠭᠤᠣᠯ ᠰᠢᠵᠢᠮ ᠪᠣᠯᠭᠠᠵᠤ᠂ ︽ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠮᠠᠲ᠋ᠧᠷᠢᠶᠠᠯ · ᠥᠪᠥᠷ ᠮᠣᠩᠭᠤᠯ ᠤᠨ ᠪᠣᠳᠢ︾ ︽ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠢᠷᠤᠭ ᠤᠨ ᠵᠢᠭᠰᠠᠯ · ᠥᠪᠥᠷ ᠮᠣᠩᠭᠤᠯ ᠤᠨ ᠪᠣᠳᠢ︾᠎ ᠶᠢ ᠨᠠᠶᠢᠷᠠᠭᠤᠯᠤᠨ ᠵᠣᠬᠢᠶᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠩᠬᠠᠳᠠᠭᠴᠢ ᠪᠦᠯᠦᠭ ᠪᠦᠬᠦ ᠣᠷᠣᠨ ᠤ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠰᠢᠯᠭᠠᠷᠠᠭᠤᠯᠤᠨ ᠨᠡᠷᠡᠶᠢᠳᠬᠦ ᠶᠢ ᠡᠬᠢᠯᠡᠭᠦᠯᠵᠦ᠂ ︽ᠬᠤᠶᠠᠷ ᠰᠠᠷ᠎ᠠ ᠨᠢᠭᠡ ᠭᠠᠷᠠᠭ︾᠎ ᠤᠨ ᠦᠨᠳᠦᠰᠦᠨ ᠱᠠᠲᠤᠨ ᠤ ᠦᠢᠯᠡᠴᠢᠯᠡᠭᠡ ᠶᠢ ᠰᠢᠨ᠎ᠡ ᠶᠢ ᠡᠭᠦᠳᠦᠨ ᠥᠷᠨᠢᠭᠦᠯᠵᠦ᠂ ᠪᠡᠭᠡᠵᠢᠩ ᠤᠨ ᠮᠣᠩᠭᠤᠯ ᠲᠥᠪᠡᠳ ᠤᠨ ᠰᠤᠷᠭᠠᠭᠤᠯᠢ ᠶᠢᠨ ᠬᠠᠭᠤᠴᠢᠨ ᠪᠠᠭᠤᠷᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠥᠪᠥᠷ ᠮᠣᠩᠭᠤᠯ ᠤᠨ ᠲᠤᠰᠬᠠᠢ ᠰᠡᠳᠦᠪᠲᠦ ᠪᠡᠶᠡᠴᠢᠯᠡᠨ ᠣᠶᠢᠯᠠᠭᠠᠬᠤ ᠦᠵᠡᠰᠬᠦᠯᠡᠩ ᠢ ᠠᠮᠵᠢᠯᠲᠠ ᠲᠠᠢ ᠡᠷᠬᠢᠯᠡᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠣ ᠥᠭᠦᠯᠡᠯᠲᠡ︾᠎ ᠶᠢᠨ ᠵᠢᠭᠠᠬᠤ ᠮᠠᠲ᠋ᠧᠷᠢᠶᠠᠯ ᠢ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠲᠤᠷᠰᠢᠨ ᠶᠠᠷᠢᠵᠤ ᠲᠤᠷᠰᠢᠨ ᠬᠡᠷᠡᠭᠯᠡᠬᠦ ᠶᠢ ᠪᠦᠬᠦ ᠲᠠᠯ᠎ᠠ ᠪᠠᠷ ᠠᠬᠢᠭᠤᠯᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠨ ᠰᠠᠶᠢᠵᠢᠷᠠᠭᠤᠯᠵᠤ᠂ ᠠᠯᠢ ᠤᠯᠠᠨ ᠠᠵᠢᠯ ᠳᠤ ᠰᠢᠨ᠎ᠡ ᠰᠢᠪᠲᠤᠯᠤᠯᠲᠠ᠂ ᠰᠢᠨ᠎ᠡ ᠦᠷ᠎ᠡ ᠪᠦᠲᠦᠮᠵᠢ ᠣᠯᠪᠠ᠃        ᠬᠤᠷᠠᠯ ᠠᠴᠠ᠂ ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠪᠣᠯᠣᠨ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠤᠨ ᠴᠢᠬᠤᠯᠠ ᠶᠡᠭᠡ ᠠᠴᠢ ᠬᠤᠯᠪᠣᠭᠳᠠᠯ ᠪᠣᠯᠬᠤ ᠶᠢ ᠭᠦᠨᠵᠡᠭᠡᠢ ᠲᠠᠨᠢᠵᠤ᠂ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠣᠳᠣᠬᠠᠨ ᠤ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠥᠨᠳᠥᠷᠴᠡ ᠠᠴᠠ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠬᠦ᠂ ᠳᠤᠮᠳᠠ ᠠᠴᠠ ᠨᠢ ᠵᠢᠭᠤᠯᠴᠢᠯᠠᠬᠤ ᠶᠢ ᠪᠡᠶᠡᠯᠡᠭᠦᠯᠬᠦ ᠥᠨᠳᠥᠷᠴᠡ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠡᠵᠡᠮᠳᠡᠨ ᠲᠤᠭᠤᠰᠢᠯᠠᠭᠤᠯᠵᠤ᠂ ᠶᠠᠮᠠᠷᠪᠠ ᠠᠰᠠᠭᠤᠳᠠᠯ ᠢ ᠪᠤᠳᠤᠬᠤ᠂ ᠶᠠᠮᠠᠷᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠶᠠᠮᠠᠷᠪᠠ ᠠᠵᠢᠯ ᠢ ᠬᠢᠬᠦ ᠳᠤ ᠴᠥᠮ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠥᠴᠥᠬᠡᠨ ᠴᠦ ᠪᠠᠲᠤ ᠴᠣᠭᠴᠠᠯᠠᠬᠤ ᠬᠡᠷᠡᠭᠲᠡᠢ᠃        ᠬᠤᠷᠠᠯ ᠠᠴᠠ᠂ ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠤᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠢᠭᠡ ᠳᠤ᠂ ︽ᠴᠡᠭ᠂ ᠱᠤᠭᠤᠮ᠂ ᠪᠦᠬᠦ ᠲᠠᠯ᠎ᠠ︾᠎ ᠶᠢ ᠰᠤᠷᠤᠯᠴᠠᠨ ᠲᠤᠭᠤᠰᠢᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ ᠲᠤᠬᠠᠢ ᠲᠠᠨᠢᠯᠲᠠ ᠪᠠ ᠡᠵᠡᠮᠳᠡᠯ ᠢᠶᠠᠨ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠨᠤᠯ ᠤᠨ ᠰᠤᠳᠤᠯᠭᠠᠨ᠂ ᠬᠥᠮᠦᠵᠢᠯ ᠦᠢᠯᠡᠳᠦᠯᠭᠡ᠂ ᠤᠬᠠᠭᠤᠯᠤᠨ ᠲᠠᠶᠢᠯᠪᠤᠷᠢᠯᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠭᠤᠷᠪᠠ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠳᠤᠮᠳᠠ ᠦᠨᠡᠨ ᠬᠦ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠤᠨ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠨᠠᠮ ᠤᠨ ᠦᠨᠳᠦᠰᠦᠲᠡᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃
1709111598522041956.jpg
        ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠲᠣᠭᠲᠠᠭᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠶᠢᠰᠦᠳᠦᠭᠡᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠢ ᠶᠢ ᠨᠡᠷᠡᠶᠢᠳᠬᠦ ᠲᠤᠬᠠᠢ ᠲᠣᠭᠲᠠᠭᠠᠯ︾᠎ ᠢ ᠤᠩᠰᠢᠨ ᠨᠡᠶᠢᠲᠡᠯᠡᠭᠰᠡᠨ ᠪᠥᠭᠡᠳ ᠲᠡᠷᠢᠭᠦᠨ ᠤ ᠬᠠᠮᠲᠤ᠂ ᠵᠢᠱᠢᠶ᠎ᠡ ᠦᠵᠡᠭᠦᠯᠬᠦ ᠨᠢᠭᠡᠴᠡ ᠶᠢᠨ ᠲᠥᠯᠥᠭᠡᠯᠡᠭᠴᠢᠳ ᠲᠤ ᠫᠠᠶᠢᠰᠠ ᠣᠯᠭᠤᠪᠠ᠃ ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠣᠷᠳᠣᠰ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠪᠠᠶᠠᠨᠨᠠᠭᠤᠷ ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃
1709111598650050770.jpg
        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠰᠦᠨ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠠᠩ ᠸᠧᠨ ᠱᠧᠩ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠮᠠᠨᠵᠤᠤᠷ ᠬᠤᠲᠠ᠂ ᠡᠷᠢᠶᠡᠨ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠵᠢᠴᠢ ᠠᠯᠪᠠᠨ ᠭᠡᠷ ᠤᠨ ᠡᠷᠬᠢᠯᠡᠭᠴᠢ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠦᠨᠳᠦᠰᠦᠲᠡᠨ ᠤ ᠠᠵᠢᠯ ᠤᠨ ᠶᠡᠷᠦᠩᠬᠡᠶᠢᠯᠡᠭᠰᠡᠨ ᠭᠠᠵᠠᠷ ᠪᠠ ᠦᠨᠳᠦᠰᠦᠲᠡᠨ ᠤ ᠠᠵᠢᠯ ᠤᠨ ᠭᠠᠵᠠᠷ ᠤᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠢ ᠶᠢᠨ ᠬᠤᠯᠪᠣᠭᠠᠴᠢᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠠᠶᠢᠭᠤᠯᠭ᠎ᠠ ᠶᠢᠨ ᠪᠥᠬᠦ ᠺᠠᠳ᠋ᠷ ᠪᠠ ᠨᠠᠮ ᠤᠨ ᠬᠤᠷᠢᠶᠠᠨ ᠤ ᠬᠠᠷᠢᠶ᠎ᠠ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠠᠷᠪᠠᠨ ᠨᠢᠭᠡᠳᠦᠭᠡᠷ ᠪᠦᠯᠦᠭ ᠤᠨ ᠪᠥᠬᠦ ᠤᠯᠤᠰ᠂ ᠶᠢᠰᠦᠳᠦᠭᠡᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠶᠢᠨ ᠬᠡᠰᠡᠭ ᠲᠥᠯᠥᠭᠡᠯᠡᠭᠴᠢ ᠬᠤᠷᠠᠯ ᠳᠤ ᠣᠷᠣᠯᠴᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号