ᠰᠢᠭᠤᠶᠢᠲᠤ  ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠵᠢᠷᠭᠤᠭ᠎ᠠ ᠶᠢ ᠪᠠᠶᠢᠴᠠᠭᠠᠵᠤ ᠨᠢᠭᠡ ᠶᠢ ᠪᠣᠯᠪᠠᠰᠤᠷᠠᠭᠤᠯᠬᠤ ᠭᠤᠷᠪᠠᠨ ᠬᠢᠴᠢᠶᠡᠯ ᠤᠨ ᠬᠢᠴᠢᠶᠡᠯ︾ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠬᠢᠵᠢᠭᠦᠯᠪᠡ
ᠨᠡᠶᠢᠲᠡᠯᠡᠭᠰᠡᠨ ᠴᠠᠭ᠄
2024/3/11
        ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠢᠯᠠᠩᠭᠤᠶ᠎ᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠢᠳᠡᠪᠬᠢᠲᠡᠢ ᠬᠥᠳᠡᠯᠦᠯᠴᠡᠵᠦ᠂ ︽ᠵᠢᠷᠭᠤᠭ᠎ᠠ ᠶᠢ ᠪᠠᠶᠢᠴᠠᠭᠠᠵᠤ ᠨᠢᠭᠡ ᠶᠢ ᠪᠣᠯᠪᠠᠰᠤᠷᠠᠭᠤᠯᠬᠤ ᠭᠤᠷᠪᠠᠨ ᠬᠢᠴᠢᠶᠡᠯ ︾ ᠤᠨ ᠰᠢᠷᠢᠰ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠪᠡ᠃        ᠨᠢᠭᠡ᠂ ᠵᠢᠷᠭᠤᠭ᠎ᠠ ᠶᠢ ᠪᠠᠶᠢᠴᠠᠭᠠᠬᠤ ᠠᠭᠤᠯᠭ᠎ᠠ ᠨᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠠᠭᠤᠷᠢ ᠶᠢ ᠪᠠᠲᠤᠳᠬᠠᠨ᠎ᠠ        1. ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠᠶᠢᠴᠠᠭᠠᠯᠲᠠ᠄ ᠰᠤᠷᠭᠠᠭᠤᠯᠢ ᠶᠢᠨ ᠳᠣᠲᠣᠷᠠᠬᠢ ᠭᠠᠯ ᠤᠨᠲᠠᠷᠠᠭᠠᠬᠤ ᠪᠡᠯᠡᠳᠬᠡᠮᠵᠢ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠵᠤ᠂ ᠭᠠᠯ ᠤᠨ ᠠᠶᠤᠯ ᠤᠨ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃        2. ᠲᠦᠷ ᠤᠷᠢᠭᠳᠠᠭᠰᠠᠨ ᠬᠥᠮᠥᠰ ᠤᠨ ᠬᠢᠷᠢ ᠬᠡᠮ ᠤᠨ ᠪᠠᠶᠢᠴᠠᠭᠠᠯᠲᠠ᠄ ᠲᠦᠷ ᠴᠠᠭ ᠤᠨ ᠤᠷᠢᠭᠰᠠᠨ ᠬᠥᠮᠥᠰ ᠤᠨ ᠪᠡᠶ᠎ᠡ ᠭᠠᠷᠤᠯ᠂ ᠠᠬᠤᠢ ᠪᠠᠶᠢᠳᠠᠯ ᠳᠤ ᠴᠢᠩᠭ᠎ᠠ ᠬᠢᠨᠠᠨ ᠪᠠᠶᠢᠴᠠᠭᠠᠯᠲᠠ ᠬᠢᠵᠦ᠂ ᠰᠤᠷᠭᠠᠭᠤᠯᠢ ᠶᠢᠨ ᠬᠦᠷᠢᠶᠡᠨ ᠳᠤ ᠡᠷᠡᠭᠦᠯ ᠪᠤᠰᠤ ᠬᠥᠮᠥᠰ ᠪᠠᠶᠢᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠠᠲᠤᠯᠠᠨ᠎ᠠ᠃        3. ᠰᠤᠷᠭᠠᠭᠤᠯᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠮᠤᠷ ᠲᠦᠪᠰᠢᠨ ᠤ ᠪᠠᠶᠢᠴᠠᠭᠠᠯᠲᠠ᠄ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ ᠪᠠᠭᠰᠢ ᠰᠤᠷᠤᠭᠴᠢᠳ ᠲᠤ ᠠᠮᠤᠷ ᠲᠦᠪᠰᠢᠨ᠂ ᠡᠶ᠎ᠡ ᠵᠣᠬᠢᠴᠠᠯ ᠲᠠᠢ ᠰᠤᠷᠤᠯᠴᠠᠬᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃        4. ᠰᠤᠷᠤᠭᠴᠢ ᠵᠥᠭᠡᠭᠡᠪᠦᠷᠢᠯᠡᠬᠦ ᠲᠡᠷᠭᠡ ᠶᠢᠨ ᠠᠮᠤᠷ ᠲᠦᠪᠰᠢᠨ ᠤ ᠪᠠᠶᠢᠴᠠᠭᠠᠯᠲᠠ᠄ ᠰᠤᠷᠤᠭᠴᠢ ᠵᠥᠭᠡᠭᠡᠪᠦᠷᠢᠯᠡᠬᠦ ᠲᠡᠷᠭᠡᠨ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠲᠡᠭᠦᠨ ᠤ ᠠᠮᠤᠷ ᠲᠦᠪᠰᠢᠨ ᠤ ᠴᠢᠳᠠᠮᠵᠢ ᠶᠢᠨ ᠪᠠᠷᠢᠮᠵᠢᠶ᠎ᠠ ᠳᠤ ᠬᠦᠷᠬᠦ ᠶᠢ ᠦᠨᠡᠨ ᠬᠦ ᠪᠠᠲᠤᠯᠠᠵᠤ᠂ ᠰᠤᠷᠤᠭᠴᠢᠳ ᠤᠨ ᠰᠤᠷᠭᠠᠭᠤᠯᠢ ᠳᠤ ᠣᠴᠢᠵᠤ ᠪᠤᠴᠠᠬᠤ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃        5. ᠢᠳᠡᠭᠡᠨ ᠤ ᠠᠮᠤᠷ ᠲᠦᠪᠰᠢᠨ ᠬᠢᠭᠡᠳ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ᠄ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠲᠤ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ︔ ᠡᠭᠦᠨ ᠤ ᠬᠠᠮᠲᠤ ᠰᠢᠲᠠᠮᠠᠬᠠᠢ ᠬᠡᠢ ᠶᠢᠨ ᠲᠥᠬᠦᠭᠡᠷᠦᠮᠵᠢ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠰᠢᠲᠠᠮᠠᠬᠠᠢ ᠬᠡᠢ ᠭᠤᠭᠤᠵᠢᠬᠤ ᠵᠡᠷᠭᠡ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠨ᠎ᠡ᠃      6. ᠰᠤᠷᠭᠠᠭᠤᠯᠢ ᠡᠬᠢᠯᠡᠵᠦ ᠰᠤᠷᠭᠠᠭᠤᠯᠢ ᠳᠤ ᠣᠷᠣᠬᠤ ᠶᠡᠷᠦᠩᠬᠡᠶᠢᠯᠡᠭᠰᠡᠨ ᠪᠠᠶᠢᠴᠠᠭᠠᠯᠲᠠ᠄ ᠰᠤᠷᠭᠠᠭᠤᠯᠢ ᠡᠬᠢᠯᠡᠬᠦ ᠲᠠᠰᠢᠷᠠᠮ ᠳᠤ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠡᠯ᠎ᠡ ᠲᠠᠰᠤᠭ ᠪᠥᠬᠦ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠰᠤᠷᠭᠠᠭᠤᠯᠢ ᠡᠬᠢᠯᠡᠬᠦ ᠶᠡᠷᠦᠩᠬᠡᠶᠢᠯᠡᠭᠰᠡᠨ ᠪᠠᠶᠢᠴᠠᠭᠠᠯᠲᠠ ᠬᠢᠵᠦ᠂ ᠡᠯ᠎ᠡ ᠵᠦᠢᠯ ᠤᠨ ᠰᠤᠷᠭᠠᠭᠤᠯᠢ ᠡᠬᠢᠯᠡᠬᠦ ᠪᠡᠯᠡᠳᠬᠡᠯ ᠠᠵᠢᠯ ᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠪᠠᠭᠰᠢ ᠰᠤᠷᠤᠭᠴᠢᠳ ᠲᠤ ᠰᠠᠶᠢᠨ ᠰᠠᠶᠢᠬᠠᠨ ᠵᠢᠭᠠᠨ ᠰᠤᠷᠭᠠᠯᠲᠠ ᠪᠠ ᠠᠮᠢᠳᠤᠷᠠᠯ ᠤᠨ ᠣᠷᠴᠢᠨ ᠨᠥᠬᠦᠴᠡᠯ ᠢ ᠬᠠᠩᠭᠠᠨ᠎ᠠ᠃        ᠬᠤᠶᠠᠷ᠂ ᠨᠢᠭᠡᠳᠦᠭᠡᠷ ᠪᠣᠯᠪᠠᠰᠤᠷᠠᠯ ᠪᠠᠭᠰᠢ ᠠᠵᠢᠯᠲᠠᠨ ᠤ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ        ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠨᠢ ᠪᠦᠬᠦ ᠪᠠᠭᠰᠢ ᠠᠵᠢᠯᠲᠠᠨ ᠢ ᠵᠣᠬᠢᠶᠠᠨ ᠪᠠᠶᠢᠭᠤᠯᠤᠨ ᠠᠮᠤᠷ ᠲᠦᠪᠰᠢᠨ ᠤ ᠪᠣᠯᠪᠠᠰᠤᠷᠠᠭᠤᠯᠤᠯ ᠬᠢᠵᠦ᠂ ᠬᠠᠮᠢᠶ᠎ᠠ ᠪᠦᠬᠦᠢ ᠠᠮᠤᠷ ᠲᠦᠪᠰᠢᠨ ᠤ ᠳᠦᠷᠢᠮ ᠪᠠ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠰᠤᠷᠤᠯᠴᠠᠵᠤ᠂ ᠪᠠᠭᠰᠢ ᠠᠵᠢᠯᠲᠠᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠯᠪᠠᠰᠤᠷᠠᠯ ᠢᠶᠠᠷ ᠳᠡᠮᠵᠢᠨ᠂ ᠪᠠᠭᠰᠢ ᠠᠵᠢᠯᠲᠠᠳ ᠲᠣᠰ ᠪᠡᠶ᠎ᠡ ᠶᠢᠨ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠨᠠᠩ ᠲᠣᠳᠣᠷᠬᠠᠶᠢᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠪᠠᠲᠤ ᠪᠠᠬᠢ ᠬᠥᠮᠥᠨ ᠤ ᠬᠦᠴᠦᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃        ᠭᠤᠷᠪᠠ᠂ ︽ᠭᠤᠷᠪᠠᠨ ᠬᠢᠴᠢᠶᠡᠯ ︾ ᠨᠢ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠢ ᠭᠦᠨᠵᠡᠭᠡᠶᠢᠷᠡᠭᠦᠯᠪᠡ        1. ᠡᠭᠦᠯᠡᠨ ᠪᠣᠳᠣᠯᠲᠠ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ᠄ ᠰᠤᠷᠤᠭᠴᠢᠳ ᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷ᠎ᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠣᠨᠢᠷᠬᠠᠭᠤᠯᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ ᠪᠠ ᠥᠷᠲᠡᠭ ᠤᠨ ᠦᠵᠡᠯᠲᠡ ᠲᠠᠢ ᠪᠣᠯᠭᠠᠵᠤ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠠᠶᠢᠷ᠎ᠠ ᠰᠡᠳᠬᠢᠯᠭᠡ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠪᠡ᠃        2. ᠬᠥᠳᠡᠯᠮᠦᠷᠢ ᠶᠢᠨ ᠬᠥᠮᠦᠵᠢᠯ ᠤᠨ ᠬᠢᠴᠢᠶᠡᠯ᠄ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠥᠳᠡᠯᠮᠦᠷᠢ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠦᠨ᠎ᠡ᠂ ᠵᠢᠱᠢᠶᠡᠯᠡᠪᠡᠯ᠂ ᠰᠤᠷᠭᠠᠭᠤᠯᠢ ᠶᠢᠨ ᠬᠦᠷᠢᠶᠡᠨ ᠤ ᠠᠷᠢᠭᠤᠨ ᠴᠡᠪᠡᠷ᠂ ᠨᠣᠭᠤᠭᠠᠷᠠᠭᠤᠯᠤᠯᠲᠠ ᠶᠢᠨ ᠲᠠᠷᠢᠮᠠᠯ ᠵᠡᠷᠭᠡ ᠪᠣᠯᠣᠨ᠎ᠠ᠃ ᠬᠥᠳᠡᠯᠮᠦᠷᠢ ᠶᠢᠨ ᠦᠢᠯᠡᠳᠦᠯᠭᠡ ᠪᠠᠷ ᠳᠠᠮᠵᠢᠭᠤᠯᠤᠨ᠂ ᠰᠤᠷᠤᠭᠴᠢᠳ ᠤᠨ ᠬᠥᠳᠡᠯᠮᠦᠷᠢ ᠶᠢᠨ ᠮᠡᠷᠭᠡᠵᠢᠯ ᠴᠢᠳᠠᠪᠤᠷᠢ ᠪᠠ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠬᠥᠮᠥᠵᠢᠭᠦᠯᠬᠦ ᠶᠢᠨ ᠬᠠᠮᠲᠤ ᠴᠡᠪᠡᠷ ᠴᠡᠮᠴᠡᠭᠡᠷ ᠰᠠᠶᠢᠬᠠᠨ ᠰᠤᠷᠭᠠᠭᠤᠯᠢ ᠶᠢᠨ ᠬᠦᠷᠢᠶᠡᠨ ᠤ ᠣᠷᠴᠢᠨ ᠨᠥᠬᠦᠴᠡᠯ ᠢ ᠪᠣᠶ ᠪᠣᠯᠭᠠᠨ᠎ᠠ᠃        3. ᠰᠤᠷᠭᠠᠭᠤᠯᠢ ᠡᠬᠢᠯᠡᠬᠦ ᠭᠤᠣᠯ ᠰᠡᠳᠦᠪᠲᠦ ᠠᠩᠭᠢ ᠶᠢᠨ ᠬᠤᠷᠠᠯ ᠤᠨ ᠬᠢᠴᠢᠶᠡᠯ᠄ ᠡᠯ᠎ᠡ ᠠᠩᠭᠢ ᠰᠤᠷᠭᠠᠭᠤᠯᠢ ᠡᠬᠢᠯᠡᠬᠦ ᠨᠢᠭᠡᠳᠦᠭᠡᠷ ᠬᠢᠴᠢᠶᠡᠯ ᠤᠨ ᠭᠤᠣᠯ ᠰᠡᠳᠦᠪᠲᠦ ᠠᠩᠭᠢ ᠶᠢᠨ ᠬᠤᠷᠠᠯ ᠤᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ᠎ᠠ᠃ ᠠᠩᠭᠢ ᠶᠢᠨ ᠬᠤᠷᠠᠯ ᠤᠨ ᠠᠭᠤᠯᠭ᠎ᠠ ᠳᠤ ᠲᠠᠪᠤᠨ ᠬᠡᠰᠡᠭ ᠢ ᠬᠠᠮᠤᠷᠪᠠ᠄ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ᠂ ᠯᠤᠤ ᠵᠢᠯ ᠤᠨ ᠮᠡᠳᠡᠯᠭᠡ᠂ ᠰᠢᠨ᠎ᠡ ᠵᠢᠯ ᠤᠨ ᠬᠠᠷᠠᠯᠲᠠ᠂ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ᠂ ᠵᠢᠭᠠᠨ ᠰᠤᠷᠭᠠᠯᠲᠠ ᠶᠢᠨ ᠬᠠᠷᠠᠯᠲᠠ ᠶᠢ ᠡᠷᠭᠢᠴᠡᠭᠦᠯᠦᠨ᠎ᠡ᠃ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠬᠤᠪᠢᠶᠠᠯᠴᠠᠬᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠬᠠᠷᠠᠯᠲᠠ ᠶᠢ ᠲᠣᠭᠲᠠᠭᠠᠬᠤ᠂ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠢ ᠬᠠᠪᠰᠤᠷᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠯᠭ᠎ᠠ ᠪᠠ ᠠᠮᠢᠳᠤᠷᠠᠯ ᠤᠨ ᠠᠶᠢᠵᠠᠮ ᠳᠤ ᠲᠦᠷᠭᠡᠨ ᠵᠣᠬᠢᠴᠠᠭᠤᠯᠬᠤ ᠶᠢᠨ ᠬᠠᠮᠲᠤ ᠰᠤᠷᠤᠭᠴᠢᠳ ᠤᠨ ᠬᠠᠮᠲᠤ ᠶᠢᠨ ᠢᠷᠠᠭᠤ ᠠᠯᠳᠠᠷᠲᠤ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠪᠡ᠃ ᠡᠭᠦᠨ ᠤ ᠬᠠᠮᠲᠤ᠂ ᠠᠩᠭᠢ ᠶᠢᠨ ᠡᠷᠬᠢᠯᠡᠭᠴᠢ ᠪᠠᠭᠰᠢ ᠨᠠᠷ ᠪᠠᠰᠠ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠩᠬᠠᠷᠬᠤ ᠶᠣᠰᠣᠲᠠᠢ ᠠᠮᠤᠷ ᠲᠦᠪᠰᠢᠨ᠂ ᠡᠷᠡᠭᠦᠯ ᠬᠠᠮᠠᠭᠠᠯᠠᠯ ᠪᠠ ᠰᠠᠬᠢᠯᠭ᠎ᠠ ᠪᠠᠲᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠰᠤᠷᠤᠭᠴᠢᠳ ᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠡᠷᠡᠭᠦᠯ ᠮᠡᠨᠳᠦ᠂ ᠠᠮᠤᠷ ᠲᠦᠪᠰᠢᠨ ᠢᠶᠠᠷ ᠦᠰᠦᠨ ᠪᠣᠶᠢᠵᠢᠵᠤ ᠴᠢᠳᠠᠬᠤ ᠶᠢ ᠪᠠᠲᠤᠯᠠᠪᠠ᠃        ︽ᠵᠢᠷᠭᠤᠭ᠎ᠠ ᠶᠢ ᠪᠠᠶᠢᠴᠠᠭᠠᠵᠤ ᠨᠢᠭᠡ ᠶᠢ ᠪᠣᠯᠪᠠᠰᠤᠷᠠᠭᠤᠯᠬᠤ ᠭᠤᠷᠪᠠᠨ ᠬᠢᠴᠢᠶᠡᠯ ︾ ᠤᠨ ᠰᠢᠷᠢᠰ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠠ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠪᠡ᠃ ᠰᠢᠨ᠎ᠡ ᠰᠤᠷᠤᠯᠭ᠎ᠠ ᠶᠢᠨ ᠬᠤᠭᠤᠴᠠᠭ᠎ᠠ ᠳᠤ᠂ ᠰᠢᠭᠤᠶᠢᠲᠤ  ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠢᠭᠤᠶᠢᠲᠤ  ᠲᠣᠭᠤᠷᠢᠭ ᠤᠨ ᠰᠤᠷᠭᠠᠨ ᠬᠥᠮᠦᠵᠢᠯ ᠤᠨ ᠣᠳᠣᠬᠢ ᠪᠠᠶᠢᠳᠠᠯ ᠳᠤ ᠰᠠᠭᠤᠷᠢᠯᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠴᠢᠷᠮᠠᠶᠢᠨ ᠳᠡᠭᠡᠭᠰᠢᠯᠡᠭᠦᠯᠵᠦ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠰᠤᠷᠭᠠᠨ ᠬᠥᠮᠦᠵᠢᠯ ᠤᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠᠨ ᠲᠦᠷᠭᠡᠳᠬᠡᠵᠦ᠂ 2024 ᠣᠨ ᠳᠤ ᠪᠥᠬᠦ  ᠲᠣᠭᠤᠷᠢᠭ ᠤᠨ ᠰᠤᠷᠭᠠᠨ ᠬᠥᠮᠦᠵᠢᠯ ᠤᠨ ᠬᠥᠮᠥᠰ ᠤᠨ ᠬᠠᠮᠲᠤ ᠶᠢᠨ ᠴᠢᠷᠮᠠᠶᠢᠯᠭ᠎ᠠ ᠪᠠᠷ᠂ ᠰᠤᠷᠭᠠᠨ ᠬᠥᠮᠦᠵᠢᠯ ᠤᠨ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠭᠤᠶᠢᠲᠤ  ᠲᠣᠭᠤᠷᠢᠭ  ᠢ ᠬᠥᠭᠵᠢᠭᠦᠯᠦᠨ ᠮᠠᠨᠳᠤᠭᠤᠯᠵᠤ ᠳᠠᠬᠢᠨ ᠠᠶᠠᠯᠠᠯ ᠢᠶᠠᠨ ᠡᠬᠢᠯᠡᠭᠦᠯᠪᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号