ᠰᠢᠭᠤᠶᠢᠲᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠵᠢᠴᠢ ᠲᠥᠪᠬᠢᠨᠡᠭᠦᠯᠵᠦ ᠬᠠᠪᠰᠤᠷᠤᠨ ᠰᠤᠷᠭᠠᠬᠤ ᠡᠲᠡᠭᠡᠳ ᠢ ᠵᠢᠭᠰᠠᠭᠠᠨ ᠪᠠᠶᠢᠴᠠᠭᠠᠵᠤ ᠰᠤᠷᠪᠤᠯᠵᠢᠯᠠᠬᠤ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/11
        ᠠᠮᠤᠷ ᠲᠦᠪᠰᠢᠨ ᠲᠣᠭᠲᠠᠭᠤᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠥᠷᠢᠴᠡᠯ ᠵᠢᠭᠤᠷᠠᠯᠳᠤᠭᠠᠨ ᠪᠠ ᠨᠡᠶᠢᠭᠡᠮ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠬᠦᠴᠦᠯᠡᠨ ᠠᠷᠢᠯᠭᠠᠬᠤ ᠶᠢᠨ ᠲᠥᠯᠥᠭᠡ᠂ ᠣᠶᠢᠷ᠎ᠠ ᠳᠤ᠂ ᠰᠢᠭᠤᠶᠢᠲᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠴᠠᠭᠠᠵᠠ ᠶᠢᠨ ᠭᠠᠵᠠᠷ ᠪᠠ ᠦᠨᠳᠦᠰᠦᠨ ᠱᠠᠲᠤᠨ ᠤ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠵᠢᠴᠢ ᠲᠥᠪᠬᠢᠨᠡᠭᠦᠯᠵᠦ ᠬᠠᠪᠰᠤᠷᠤᠨ ᠰᠤᠷᠭᠠᠬᠤ ᠡᠲᠡᠭᠡᠳ ᠢ ᠵᠢᠭᠰᠠᠭᠠᠨ ᠪᠠᠶᠢᠴᠠᠭᠠᠵᠤ ᠰᠤᠷᠪᠤᠯᠵᠢᠯᠠᠬᠤ ᠲᠤᠰᠬᠠᠢ ᠠᠵᠢᠯᠯᠠᠭ᠎ᠠ ᠥᠷᠨᠢᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃        ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠢᠶᠠᠨ ᠨᠢᠭᠡᠳᠦᠯᠲᠡᠢ ᠲᠥᠯᠥᠪᠯᠡᠬᠦ ᠶᠢ ᠰᠠᠶᠢᠲᠤᠷ ᠠᠳᠬᠤᠨ᠎ᠠ᠃ ᠵᠥᠷᠢᠴᠡᠯ ᠵᠢᠭᠤᠷᠠᠯᠳᠤᠭᠠᠨ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ᠠᠷᠢᠯᠭᠠᠬᠤ ᠵᠢᠴᠢ ᠲᠥᠪᠬᠢᠨᠡᠭᠦᠯᠵᠦ ᠬᠠᠪᠰᠤᠷᠤᠨ ᠰᠤᠷᠭᠠᠬᠤ ᠡᠲᠡᠭᠡᠳ ᠢ ᠵᠢᠭᠰᠠᠭᠠᠨ ᠪᠠᠶᠢᠴᠠᠭᠠᠵᠤ ᠰᠤᠷᠪᠤᠯᠵᠢᠯᠠᠬᠤ ᠲᠤᠰᠬᠠᠢ ᠵᠦᠢᠯ ᠤᠨ ᠠᠵᠢᠯᠯᠠᠭ᠎ᠠ ᠶᠢ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠨᠢᠭᠡ ᠵᠦᠢᠯ ᠤᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠨ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠵᠢᠴᠢ ᠲᠥᠪᠬᠢᠨᠡᠭᠦᠯᠵᠦ ᠬᠠᠪᠰᠤᠷᠤᠨ ᠰᠤᠷᠭᠠᠬᠤ ᠲᠤᠰᠬᠠᠢ ᠵᠦᠢᠯ ᠤᠨ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠢᠭᠡᠳᠦᠯᠲᠡᠢ ᠲᠥᠯᠥᠪᠯᠡᠨ ᠵᠢᠯᠣᠭᠤᠳᠤᠨ ᠲᠣᠬᠢᠷᠠᠭᠤᠯᠵᠤ᠂ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ᠂ ᠠᠷᠠᠳ ᠤᠨ ᠡᠶᠡᠳᠡᠭᠦᠯᠭᠡ ᠶᠢ ᠥᠷᠭᠡᠨ ᠢᠶᠠᠷ ᠳᠠᠶᠢᠴᠢᠯᠠᠨ ᠵᠣᠬᠢᠶᠠᠨ ᠪᠠᠶᠢᠭᠤᠯᠵᠤ ᠪᠠᠶᠢᠭᠠᠳ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠦᠢᠯᠡᠳᠪᠦᠷᠢ ᠠᠭᠤᠷᠬᠠᠢ᠂ ᠠᠵᠤ ᠠᠬᠤᠶᠢᠯᠠᠯ ᠳᠤ ᠭᠦᠨᠵᠡᠭᠡᠶᠢᠷᠡᠭᠦᠯᠦᠨ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠴᠠᠯᠢᠩ ᠥᠷᠢᠲᠦᠬᠦ᠂ ᠠᠵᠤ ᠠᠬᠤᠢ ᠶᠢᠨ ᠵᠢᠭᠤᠷᠠᠯᠳᠤᠭᠠᠨ᠂ ᠡᠮᠴᠢ ᠪᠠ ᠡᠪᠡᠳᠴᠢᠲᠡᠨ ᠤ ᠵᠢᠭᠤᠷᠠᠯᠳᠤᠭᠠᠨ᠂ ᠭᠠᠵᠠᠷ ᠰᠢᠷᠣᠢ ᠶᠢᠨ ᠵᠢᠭᠤᠷᠠᠯᠳᠤᠭᠠᠨ ᠵᠡᠷᠭᠡ ᠬᠦᠷᠢᠶᠡᠨ ᠳᠤ ᠠᠮᠠᠷᠬᠠᠨ ᠬᠦᠨᠳᠦ ᠶᠡᠭᠡ ᠬᠠᠮᠲᠤᠯᠢᠭ ᠤᠨ ᠴᠢᠨᠠᠷᠲᠠᠢ ᠬᠡᠷᠡᠭ᠂ ᠬᠤᠪᠢ ᠬᠥᠮᠥᠨ ᠤ ᠬᠡᠲᠦᠷᠡᠮᠡᠬᠡᠢ ᠬᠡᠷᠡᠭ ᠪᠤᠶᠤ ᠬᠠᠮᠲᠤ ᠪᠠᠷ ᠳᠡᠭᠡᠭᠰᠢ ᠰᠤᠷᠪᠤᠯᠵᠢᠯᠠᠬᠤ ᠠᠷᠠᠳ ᠤᠨ ᠠᠮᠢᠳᠤᠷᠠᠯ ᠤᠨ ᠲᠥᠷᠥᠯ᠂ ᠣᠯᠠᠨ ᠲᠦᠮᠡᠨ ᠳᠤ ᠬᠤᠯᠪᠣᠭᠳᠠᠬᠤ ᠬᠡᠯᠪᠡᠷᠢ ᠶᠢᠨ ᠵᠥᠷᠢᠴᠡᠯ ᠵᠢᠭᠤᠷᠠᠯᠳᠤᠭᠠᠨ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠨᠢᠭᠤᠵᠤ ᠪᠠᠶᠢᠭ᠎ᠠ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠡᠶᠡᠳᠡᠭᠦᠯᠦᠨ ᠰᠢᠢᠳᠪᠦᠷᠢᠯᠡᠵᠦ᠂ ︽ᠪᠠᠭ᠎ᠠ ᠵᠥᠷᠢᠴᠡᠯ︾ ᠢ ︽ᠶᠡᠭᠡ ᠵᠢᠭᠤᠷᠠᠯᠳᠤᠭᠠᠨ︾ ᠪᠣᠯᠭᠠᠨ ᠬᠤᠪᠢᠷᠠᠭᠤᠯᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠪᠠ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠡᠷᠲᠡ ᠢᠯᠡᠷᠡᠭᠦᠯᠵᠦ᠂ ᠡᠷᠲᠡ ᠵᠢᠭᠰᠠᠭᠠᠨ ᠪᠠᠶᠢᠴᠠᠭᠠᠵᠤ᠂ ᠡᠷᠲᠡ ᠠᠷᠢᠯᠭᠠᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ᠠᠵᠢᠯ ᠤᠨ ᠭᠤᠣᠯᠳᠠᠯᠭ᠎ᠠ ᠶᠢ ᠡᠵᠡᠮᠳᠡᠵᠦ᠂ ᠲᠥᠪᠬᠢᠨᠡᠭᠦᠯᠵᠦ ᠬᠠᠪᠰᠤᠷᠤᠨ ᠰᠤᠷᠭᠠᠬᠤ ᠶᠢ ᠰᠠᠶᠢᠲᠤᠷ ᠬᠢᠨ᠎ᠡ᠃ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠥᠰ ᠢ ᠲᠥᠪᠬᠢᠨᠡᠭᠦᠯᠵᠦ ᠬᠠᠪᠰᠤᠷᠤᠨ ᠰᠤᠷᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠭᠢᠨᠳᠠᠨ᠂ ᠲᠣᠰᠬᠤᠨ ︵ᠰᠠᠭᠤᠭᠠᠯᠢ ᠠᠷᠠᠳ︶ ᠤ ᠵᠥᠪᠯᠡᠯ᠂ ᠭᠡᠷ ᠪᠦᠯᠢ  ᠯᠦᠭᠡ ᠢᠳᠡᠪᠬᠢᠲᠡᠢ ᠪᠠᠷ ᠬᠠᠷᠢᠯᠴᠠᠵᠤ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠥᠰ ᠢ ︽ᠵᠠᠪᠠᠯ ᠲᠤᠰᠴᠤ ᠵᠠᠪᠠᠯ ᠬᠦᠷᠭᠡᠬᠦ︾ ᠳᠦᠷᠢᠮ ᠢ ᠨᠠᠶᠢᠳᠠᠪᠤᠷᠢᠵᠢᠭᠤᠯᠤᠨ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠰ ᠢ ᠵᠠᠪᠰᠠᠷ ᠦᠭᠡᠢ ᠵᠣᠯᠭᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠥᠪᠬᠢᠨᠡᠭᠦᠯᠵᠦ ᠬᠠᠪᠰᠤᠷᠤᠨ ᠰᠤᠷᠭᠠᠬᠤ ᠡᠲᠡᠭᠡᠳ ᠢ ᠵᠢᠭᠰᠠᠭᠠᠨ ᠪᠠᠶᠢᠴᠠᠭᠠᠵᠤ ᠰᠤᠷᠪᠤᠯᠵᠢᠯᠠᠬᠤ ᠶᠢ ᠭᠦᠨᠵᠡᠭᠡᠢ ᠥᠷᠨᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠲᠥᠪᠬᠢᠨᠡᠭᠦᠯᠵᠦ ᠬᠠᠪᠰᠤᠷᠤᠨ ᠰᠤᠷᠭᠠᠬᠤ ᠡᠲᠡᠭᠡᠳ ᠤᠨ ᠦᠵᠡᠯ ᠰᠠᠨᠠᠭᠠᠨ ᠤ ᠬᠥᠳᠡᠯᠦᠯ ᠪᠠᠶᠢᠳᠠᠯ᠂ ᠪᠣᠳᠠᠲᠤ ᠢᠯᠡᠷᠡᠯ᠂ ᠨᠡᠶᠢᠭᠡᠮ ᠤᠨ ᠶᠠᠪᠤᠯᠴᠠᠭ᠎ᠠ ᠵᠡᠷᠭᠡ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ᠂ ᠲᠥᠪᠬᠢᠨᠡᠭᠦᠯᠵᠦ ᠬᠠᠪᠰᠤᠷᠤᠨ ᠰᠤᠷᠭᠠᠬᠤ ᠡᠲᠡᠭᠡᠳ ᠤᠨ ᠠᠵᠢᠯ᠂ ᠠᠮᠢᠳᠤᠷᠠᠯ ᠤᠨ ᠳᠤᠮᠳᠠᠬᠢ ᠪᠣᠳᠠᠲᠠᠢ ᠬᠦᠴᠢᠷᠳᠡᠯ ᠢ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠲᠣᠬᠤᠨᠢᠭᠤᠯᠵᠤ᠂ ᠠᠷᠠᠳ ᠤᠨ ᠶᠠᠪᠤᠳᠠᠯ᠂ ᠬᠥᠳᠡᠯᠮᠦᠷᠢ ᠪᠠᠲᠤᠯᠠᠭ᠎ᠠ ᠵᠡᠷᠭᠡ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ᠨᠠᠭᠠᠲᠤ ᠵᠠᠬ᠎ᠠ ᠶᠢᠨ ᠪᠠᠲᠤᠯᠠᠭ᠎ᠠ᠂ ᠲᠦᠷ ᠴᠠᠭ ᠲᠡᠳᠬᠦᠬᠦ᠂ ᠨᠡᠶᠢᠭᠡᠮ ᠤᠨ ᠳᠠᠭᠠᠳᠬᠠᠯ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠥᠪᠬᠢᠨᠡᠭᠦᠯᠵᠦ ᠬᠠᠪᠰᠤᠷᠤᠨ ᠰᠤᠷᠭᠠᠬᠤ ᠡᠲᠡᠭᠡᠳ ᠢ ᠬᠠᠪᠰᠤᠷᠤᠨ ᠲᠡᠳᠬᠦᠬᠦ ᠪᠠ ᠰᠤᠷᠭᠠᠨ ᠬᠥᠮᠥᠵᠢᠭᠦᠯᠬᠦ ᠠᠵᠢᠯ ᠢ ᠢᠳᠡᠪᠬᠢᠲᠡᠢ ᠰᠠᠶᠢᠲᠤᠷ ᠬᠢᠬᠦ ᠬᠡᠷᠡᠭᠲᠡᠢ᠃        ᠲᠥᠪᠯᠡᠷᠡᠭᠦᠯᠦᠨ ᠪᠠᠶᠢᠴᠠᠭᠠᠨ ᠰᠢᠯᠭᠠᠬᠤ ᠶᠢ ᠪᠡᠶᠡᠯᠡᠭᠦᠯᠵᠦ᠂ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠬᠦ ᠬᠡᠷᠡᠭᠲᠡᠢ᠃ ᠬᠠᠷᠢᠶ᠎ᠠ ᠣᠷᠣᠨ ᠤ ᠳᠠᠩᠰᠠᠨ ᠳᠤ ᠪᠠᠶᠢᠭ᠎ᠠ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠲᠤ ᠲᠥᠪᠯᠡᠷᠡᠭᠦᠯᠦᠨ ᠰᠢᠯᠭᠠᠨ ᠪᠠᠶᠢᠴᠠᠭᠠᠵᠤ᠂ ᠦᠵᠡᠯ ᠰᠠᠨᠠᠭᠠᠨ ᠤ ᠬᠠᠷᠢᠭᠤ ᠮᠡᠳᠡᠭᠦᠯᠦᠯᠲᠡ ᠳᠡᠪᠰᠢᠭᠦᠯᠵᠦ᠂ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠲᠡᠳᠡᠨ ᠢ ᠵᠠᠯᠠᠷᠠᠭᠤᠯᠬᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠤᠬᠠᠮᠰᠠᠷ ᠠᠴᠠ ᠪᠠᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠢ ᠭᠡᠵᠦ ᠰᠠᠨᠠᠭᠤᠯᠪᠠ᠃ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠡᠳᠦᠷ ᠲᠤᠲᠤᠮ ᠤᠨ ᠮᠡᠳᠡᠭᠦᠯᠦᠯᠲᠡ᠂ ᠴᠢᠯᠦᠭᠡ ᠭᠤᠶᠤᠬᠤ᠂ ᠭᠠᠷ ᠤᠲᠠᠰᠤᠨ ᠤ ᠪᠠᠶᠢᠷᠢ ᠲᠣᠭᠲᠠᠭᠠᠯᠲᠠ ᠵᠡᠷᠭᠡ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ ᠤᠨ ᠲᠤᠬᠠᠢ ᠤᠯᠠᠮ ᠨᠢᠭᠡ ᠠᠯᠬᠤᠮ ᠴᠢᠬᠤᠯᠠᠴᠢᠯᠠᠪᠠ᠄ ᠨᠢᠭᠡ ᠳᠤ ᠬᠠᠤᠯᠢ ᠴᠠᠭᠠᠵᠠ ᠶᠢᠨ ᠤᠯᠠᠭᠠᠨ ᠱᠤᠭᠤᠮ ᠢ ᠴᠠᠭ ᠢᠮᠠᠭᠲᠠ ᠪᠠᠲᠤ ᠴᠡᠭᠡᠵᠢᠯᠡᠵᠦ᠂ ᠥᠪᠡᠷ ᠢ ᠪᠠᠨ ᠴᠢᠩᠭ᠎ᠠ ᠱᠠᠭᠠᠷᠳᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠬᠡᠷᠡᠭᠲᠡᠢ᠃ ᠬᠤᠶᠠᠷ ᠲᠤ᠂ ᠣᠷᠣᠨ ᠪᠠᠶᠢᠷᠢ ᠲᠣᠭᠲᠠᠭᠠᠬᠤ ᠭᠠᠷ ᠤᠲᠠᠰᠤ ᠶᠢ 24 ᠴᠠᠭ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠵᠤ᠂ ᠬᠥᠮᠥᠨ ᠪᠠ ᠮᠠᠰᠢᠨ ᠢ ᠰᠠᠯᠭᠠᠬᠤ ᠶᠢ ᠡᠷᠡᠰ ᠬᠤᠷᠢᠭᠯᠠᠬᠤ ᠬᠡᠷᠡᠭᠲᠡᠢ︔ ᠤᠬᠠᠮᠰᠠᠷ ᠠᠴᠠ ᠪᠠᠨ ᠬᠠᠮᠢᠶᠠᠷᠤᠨ ᠡᠵᠡᠮᠳᠡᠬᠦ ᠶᠢ ᠬᠦᠯᠢᠶᠡᠵᠦ᠂ ᠳᠠᠭᠤᠳᠠᠪᠠᠯ ᠬᠡᠵᠢᠶ᠎ᠡ ᠴᠤ ᠬᠦᠷᠬᠦ ᠦᠭᠡᠢ ᠪᠠᠶᠢᠬᠤ ᠬᠡᠷᠡᠭᠲᠡᠢ᠃ ᠭᠤᠷᠪᠠ ᠳᠤ᠂ ᠴᠢᠯᠦᠭᠡ ᠭᠤᠶᠤᠬᠤ ᠳᠦᠷᠢᠮ ᠢ ᠴᠢᠩᠭ᠎ᠠ ᠵᠢᠷᠤᠮᠯᠠᠵᠤ᠂ ᠬᠤᠳᠠᠯ ᠬᠠᠭᠤᠷᠮᠠᠭ ᠭᠠᠳᠠᠭᠰᠢ ᠭᠠᠷᠬᠤ ᠪᠤᠶᠤ ᠳᠤᠷ᠎ᠠ ᠪᠠᠷ ᠢᠶᠠᠨ ᠭᠠᠳᠠᠭᠰᠢ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠳᠥᠷᠪᠡ ᠳᠤ᠂ ᠠᠷᠢᠬᠢᠨ ᠳᠤ ᠰᠢᠨᠤᠬᠠᠶᠢᠷᠠᠵᠤ ᠬᠡᠷᠡᠭ ᠡᠳᠦᠬᠦ ᠦᠭᠡᠢ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠤᠭᠤᠳᠬᠤ ᠦᠭᠡᠢ᠂ ᠤᠯᠠᠨ ᠢ ᠴᠤᠭᠯᠠᠭᠤᠯᠵᠤ ᠤᠴᠢᠷ ᠭᠠᠷᠭᠠᠬᠤ ᠦᠭᠡᠢ᠂ ︽ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠬᠤ︾ ᠵᠢᠴᠢ ︽ᠱᠠᠯᠢᠭ ᠵᠠᠪᠬᠠᠢ᠂ ᠵᠣᠭᠤᠰ ᠨᠠᠭᠠᠳᠬᠤ᠂ ᠬᠤᠣᠷ ᠲᠠᠲᠠᠬᠤ︾ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠣᠷᠣᠯᠴᠠᠬᠤ ᠦᠭᠡᠢ᠃ ᠲᠠᠪᠤ ᠳᠤ᠂ ᠡᠳᠦᠷ ᠪᠦᠷᠢ app ᠳᠤ ᠭᠠᠷ ᠤᠨ ᠦᠰᠦᠭ ᠵᠢᠷᠤᠬᠤ ᠶᠢᠨ ᠬᠠᠮᠲᠤ ᠰᠤᠷᠤᠯᠴᠠᠯᠭ᠎ᠠ ᠶᠢᠨ ᠬᠠᠷᠢᠭᠤ ᠮᠡᠳᠡᠭᠦᠯᠦᠯᠲᠡ ᠬᠢᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号