ᠰᠢᠭᠤᠶᠢᠲᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠭᠠᠴᠠᠭ᠎ᠠ ᠲᠣᠰᠬᠤᠨ ( ᠨᠡᠶᠢᠭᠡᠮ ᠲᠣᠭᠤᠷᠢᠭ ) ᠤ ᠪᠤᠭᠤᠲᠤ ᠬᠤᠲᠠ ᠶᠢᠨ︽ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ( ᠨᠡᠶᠢᠭᠡᠮ ᠲᠣᠭᠤᠷᠢᠭ)︾ ᠤᠨ ᠪᠠᠷᠢᠮᠵᠢᠶ᠎ᠠ ᠳᠤ ᠬᠦᠷᠦᠭᠦᠯᠬᠦ ᠶᠢ ᠦᠨᠡᠯᠡᠨ ᠵᠢᠱᠢᠬᠦ ᠠᠵᠢᠯ ᠥᠷᠨᠢᠭᠦᠯᠬᠦ ᠶᠢ ᠲᠤᠬᠠᠢ ᠶᠢᠨ ᠭᠠᠵᠠᠷ ᠲᠤᠨᠢ ᠵᠢᠯᠣᠭᠤᠳᠪᠠ
ᠨᠡᠶᠢᠲᠡᠯᠡᠭᠰᠡᠨ ᠴᠠᠭ᠄
2024/3/11
        ᠦᠨᠳᠦᠰᠦᠨ ᠱᠠᠲᠤᠨ ᠤ ᠨᠡᠶᠢᠭᠡᠮ ᠦᠨ ᠵᠠᠰᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ  ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠭᠠᠴᠠᠭ᠎ᠠ ᠲᠣᠰᠭᠤᠨ ( ᠨᠡᠶᠢᠭᠡᠮ ᠲᠣᠭᠤᠷᠢᠭ)  ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠤᠰᠠᠳᠠ᠂ 3 ᠰᠠᠷ᠎ᠠ ᠶᠢᠨ 5  ᠤ ᠡᠳᠦᠷ︱ 3 ᠰᠠᠷ᠎ᠠ ᠶᠢᠨ 7  ᠤ ᠡᠳᠦᠷ᠂ ᠰᠢᠭᠤᠶᠢᠲᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠡᠯ᠎ᠡ ᠬᠠᠤᠯᠢ ᠴᠠᠭᠠᠵᠠ ᠶᠢᠨ ᠰᠠᠯᠪᠤᠷᠢ ᠲᠠᠢ ᠬᠠᠮᠲᠤᠷᠠᠨ ᠵᠢᠬᠤᠯ ᠰᠤᠮᠤ᠂ ᠪᠠᠳ ᠺᠠᠷ ᠵᠣᠣ ᠪᠠᠯᠭᠠᠰᠤ᠂ ᠲᠣᠮᠣ ᠰᠣᠷᠢᠨᠵᠢᠨ ᠵᠡᠭᠡᠯᠢ ᠭᠤᠳᠤᠮᠵᠢ᠂ ᠪᠠᠢ ᠬᠤ ᠭᠧᠦ ᠵᠡᠭᠡᠯᠢ ᠭᠤᠳᠤᠮᠵᠢ᠂  ᠳ᠋ᠠ ᠳ᠋ᠧ ᠾᠧᠩ ᠵᠡᠭᠡᠯᠢ ᠭᠤᠳᠤᠮᠵᠢ ᠳᠤ ᠭᠦᠨᠵᠡᠭᠡᠶᠢᠷᠡᠨ᠂ ᠪᠤᠭᠤᠲᠤ ᠬᠤᠲᠠ ᠶᠢᠨ︽ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠭᠠᠴᠠᠭ᠎ᠠ ᠲᠣᠰᠭᠤᠨ ( ᠨᠡᠶᠢᠭᠡᠮ ᠲᠣᠭᠤᠷᠢᠭ)︾ ᠤᠨ ᠪᠠᠷᠢᠮᠵᠢᠶ᠎ᠠ ᠳᠤ ᠬᠦᠷᠴᠦ ᠦᠨᠡᠯᠡᠨ ᠵᠢᠱᠢᠬᠦ ᠠᠵᠢᠯ ᠥᠷᠨᠢᠭᠦᠯᠪᠡ᠃        ᠲᠤᠬᠠᠢ ᠶᠢᠨ ᠲᠠᠯᠠᠪᠤᠷ ᠲᠤ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ︽ᠪᠤᠭᠤᠲᠤ ᠬᠤᠲᠠ ᠶᠢᠨ ︿ᠠᠷᠠᠳᠴᠢᠯᠠᠯ ᠬᠠᠤᠯᠢ ᠴᠠᠭᠠᠵᠠ ᠶᠢᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶﹀  ᠤᠨ ᠪᠠᠷᠢᠮᠵᠢᠶ᠎ᠠ ᠳᠤ ᠬᠦᠷᠦᠭᠦᠯᠦᠭᠰᠡᠨ ᠢ ᠦᠨᠡᠯᠡᠨ ᠵᠢᠱᠢᠬᠦ ᠬᠦᠰᠦᠨᠦᠭᠲᠦ︾ ᠳᠠᠬᠢ ᠲᠣᠰᠬᠤᠨ ︵ᠨᠡᠶᠢᠭᠡᠮ ᠲᠣᠭᠤᠷᠢᠭ︶ ᠤ ᠱᠠᠲᠤᠨ ᠤ ᠵᠣᠬᠢᠶᠠᠨ ᠪᠠᠶᠢᠭᠤᠯᠤᠯᠲᠠ ᠪᠦᠷᠢᠨ ᠲᠡᠭᠦᠯᠳᠡᠷ᠂ ᠦᠨᠳᠦᠰᠦᠨ ᠱᠠᠲᠤᠨ ᠤ ᠠᠷᠠᠳᠴᠢᠯᠠᠯ ᠵᠢᠷᠤᠮᠵᠢᠯ ᠲᠠᠢ ᠡᠮᠬᠢ ᠵᠢᠷᠤᠮ ᠲᠠᠢ᠂ ᠬᠠᠤᠯᠢᠵᠢᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠨᠡᠶᠢᠭᠡᠮ ᠤᠨ ᠡᠶ᠎ᠡ ᠵᠣᠬᠢᠴᠠᠩᠭᠤᠢ ᠬᠥᠭᠵᠢᠯᠲᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠲᠤ ᠴᠢᠩᠭ᠎ᠠ ᠬᠦᠴᠦᠨ ᠲᠠᠢ ᠲᠠᠪᠤᠨ ᠶᠡᠭᠡ ᠲᠥᠷᠥᠯ ᠤᠨ 30 ᠪᠠᠭ᠎ᠠ ᠲᠥᠷᠥᠯ ᠬᠤᠪᠢᠶᠠᠭᠰᠠᠨ ᠭᠦᠢᠴᠡᠳᠬᠡᠯ ᠲᠤᠭ᠎ᠠ ᠲᠠᠢ ᠬᠠᠷᠢᠴᠠᠭᠤᠯᠤᠨ ᠨᠢᠭᠡᠳ ᠨᠢᠭᠡ ᠪᠠᠷ ᠲᠠᠶᠢᠯᠪᠤᠷᠢᠯᠠᠵᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠪᠤᠯᠤᠩ᠂ ᠲᠣᠰᠬᠤᠨ ᠤ ᠳᠦᠷᠢᠮ ᠠᠷᠠᠳ ᠤᠨ ᠭᠡᠷ᠎ᠡ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠬᠤ ᠲᠠᠰᠤᠭ᠂ ᠠᠷᠠᠳ ᠤᠨ ᠡᠶᠡᠳᠡᠭᠦᠯᠬᠦ ᠲᠠᠰᠤᠭ ᠵᠡᠷᠭᠡ ᠬᠠᠲᠠᠭᠤ ᠲᠣᠨᠤᠭ ᠲᠥᠬᠦᠭᠡᠷᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠡᠭᠦᠯᠳᠡᠷᠵᠢᠭᠦᠯᠬᠦ ᠴᠢᠬᠤᠯᠠᠲᠠᠢ ᠭᠠᠵᠠᠷ ᠣᠷᠣᠨ ᠢ ᠵᠢᠭᠠᠵᠤ ᠭᠠᠷᠭᠠᠪᠠ︔ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠡᠭᠦᠳᠦᠨ ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠬᠦᠴᠢᠷᠳᠡᠯ ᠢ ᠰᠣᠨᠣᠰᠴᠤ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠣᠳᠠᠲᠠᠢ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠴᠤ᠂ ᠣᠳᠣᠬᠠᠨ ᠤ ᠭᠤᠶᠤᠴᠢᠯᠠᠨ ᠮᠡᠳᠡᠭᠦᠯᠬᠦ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃        ᠵᠢᠱᠢᠶ᠎ᠡ ᠦᠵᠡᠭᠦᠯᠬᠦ ᠪᠠᠷ ᠬᠥᠭᠵᠢᠯᠲᠡ ᠶᠢ ᠳᠠᠶᠢᠴᠢᠯᠠᠵᠤ᠂ ᠪᠦᠲᠦᠭᠡᠨ ᠪᠠᠶᠢᠭᠤᠯᠤᠯᠲᠠ ᠪᠠᠷ ᠳᠡᠭᠡᠭᠰᠢᠯᠡᠯᠲᠡ ᠶᠢ ᠠᠬᠢᠭᠤᠯᠤᠨ᠎ᠠ᠃ ᠵᠠᠯᠭᠠᠭᠠᠳ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠴᠤ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠨᠠᠷᠢᠨ ᠪᠣᠳᠠᠲᠠᠢ ᠠᠳᠬᠤᠵᠤ᠂ ᠬᠠᠤᠯᠢ ᠪᠠᠷ ᠵᠠᠰᠠᠬᠤ ᠦᠷ᠎ᠡ ᠪᠦᠲᠦᠭᠡᠯ ᠢ ᠪᠠᠬᠢᠵᠢᠭᠦᠯᠵᠦ᠂ ᠬᠠᠤᠯᠢ ᠪᠠᠷ ᠵᠠᠰᠠᠬᠤ ᠰᠠᠭᠤᠷᠢ ᠶᠢ ᠪᠠᠬᠢᠵᠢᠭᠦᠯᠵᠦ᠂ ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号