︽ᠨᠠᠮ ᠤᠨ ᠠᠴᠢ ᠶᠢ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ | ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠭᠦᠨᠵᠡᠭᠡᠢ | ᠠᠬᠢᠭᠤᠯᠬᠤ ᠶᠢᠨ ᠲᠥᠯᠥᠭᠡ᠂ ᠡᠮᠡᠭᠲᠡᠶᠢᠴᠦᠳ ᠤᠨ ᠬᠠᠤᠯᠢ ᠪᠠᠷ ᠵᠠᠰᠠᠬᠤ ᠤᠬᠠᠮᠰᠠᠷ ᠪᠠ ᠡᠷᠬᠡ ᠪᠠᠨ ᠬᠠᠮᠠᠭᠠᠯᠠᠬᠤ | ᠴᠢᠳᠠᠪᠤᠷᠢ ᠶᠢ ᠦᠨᠡᠨ ᠬᠦ ᠴᠢᠩᠭᠠᠳᠬᠠᠵᠤ᠂ ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ | ᠲᠠᠰᠢᠷᠠᠮ ᠳᠤ᠂ ᠳ᠋ᠠ ᠳ᠋ᠧ ᠾᠧᠩ ᠬᠠᠤᠯᠢ ᠴᠠᠭᠠᠵᠠ ᠶᠢᠨ ᠭᠠᠵᠠᠷ ᠾᠧᠦ ᠶᠢᠩᠽᠢ ᠰᠢᠨ᠎ᠡ ᠲᠣᠰᠬᠤᠨ ᠳᠤ ᠬᠦᠷᠴᠦ᠂ | ︽ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠰᠠᠬᠢᠨ ᠬᠠᠮᠠᠭᠠᠯᠠᠵᠤ ᠠᠷᠠᠳ ᠤᠨ ᠲᠥᠯᠥᠭᠡ ᠬᠠᠤᠯᠢ ᠪᠠᠷᠢᠬᠤ ᠶᠢ | ᠦᠢᠯᠡᠳᠦᠯᠭᠡᠵᠢᠭᠦᠯᠬᠦ︾ ᠪᠠᠷ ᠭᠤᠣᠯ ᠰᠡᠳᠦᠪ ᠪᠣᠯᠭᠠᠭᠰᠠᠨ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ | ᠬᠠᠤᠯᠢ ᠪᠠᠷ ᠵᠠᠰᠠᠬᠤ ᠲᠠᠶᠢᠯᠤᠮᠵᠢ ᠶᠢ ᠥᠷᠨᠢᠭᠦᠯᠵᠦ᠂ ᠡᠮᠡᠭᠲᠡᠶᠢᠴᠦᠳ ᠲᠤ ᠨᠢᠭᠡ ᠬᠤᠪᠢ ᠣᠨᠴᠠᠭᠠᠶ ᠪᠠᠶᠠᠷ ᠤᠨ | ᠡᠳᠦᠷ ᠤᠨ ᠪᠡᠯᠡᠭ ᠬᠦᠷᠭᠡᠪᠡ᠃ | ᠲᠠᠶᠢᠯᠤᠮᠵᠢ ᠳᠤ᠂ ᠤᠬᠠᠭᠤᠯᠤᠨ ᠲᠠᠶᠢᠯᠪᠤᠷᠢᠯᠠᠭᠴᠢ ᠰᠢᠦᠢ ᠨᠢᠩ ᠡᠮᠡᠭᠲᠡᠶᠢᠴᠦᠳ ᠤᠨ ᠤᠷᠤᠭ᠂ ᠭᠡᠷ ᠪᠦᠯᠢ᠂ | ᠠᠵᠢᠯ ᠤᠨ ᠳᠤᠮᠳᠠ ᠦᠷᠭᠦᠯᠵᠢ ᠲᠣᠬᠢᠶᠠᠯᠳᠤᠵᠤ ᠮᠡᠳᠡᠬᠦ ᠡᠯ᠎ᠡ ᠲᠥᠷᠥᠯ ᠤᠨ ᠬᠥᠨᠥᠭᠡᠯ ᠤᠨ ᠠᠰᠠᠭᠤᠳᠠᠯ ᠳᠤ | ᠴᠢᠭᠯᠡᠭᠦᠯᠦᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠭᠡᠷ | ᠪᠦᠯᠢ ᠶᠢᠨ ᠪᠦᠯᠦᠭᠯᠡᠯ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ | ᠠᠰᠢᠭ ᠢ ᠪᠠᠲᠤᠯᠠᠬᠤ ᠬᠠᠤᠯᠢ︾ ᠶᠢᠨ ᠬᠢᠯᠠᠰ ᠴᠡᠭ ᠤᠨ ᠠᠭᠤᠯᠭ᠎ᠠ ᠶᠢᠨ ᠲᠣᠭᠤᠷᠢᠨ ᠳᠤ ᠭᠤᠣᠯᠳᠠᠯᠭ᠎ᠠ ᠲᠠᠢ ᠪᠠᠷ | ᠲᠠᠶᠢᠯᠤᠮᠵᠢ ᠬᠢᠬᠦ ᠶᠢᠨ ᠬᠠᠮᠲᠤ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠵᠢᠴᠢ ᠬᠠᠤᠯᠢ | ᠴᠠᠭᠠᠵᠠ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ︽ᠨᠢᠭᠡ | ᠤᠳᠠᠭᠠᠨ ᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂ ᠨᠢᠭᠡ ᠤᠳᠠᠭᠠᠨ ᠤ ᠬᠠᠤᠯᠢᠵᠢᠯ ᠤᠨ ᠲᠠᠶᠢᠯᠤᠮᠵᠢ᠂ | ᠨᠢᠭᠡ ᠬᠤᠪᠢ ᠤᠬᠠᠭᠤᠯᠭ᠎ᠠ ᠶᠢᠨ ᠮᠠᠲ᠋ᠧᠷᠢᠶᠠᠯ︾ ᠢᠶᠠᠷ ᠳᠠᠮᠵᠢᠭᠤᠯᠤᠨ᠂ ᠲᠥᠬᠦᠮ ᠣᠶᠢᠯᠠᠭᠠᠮᠵᠢᠲᠠᠢ ᠦᠭᠡ ᠬᠡᠯᠡ ᠪᠠᠷ | ᠣᠯᠠᠨ ᠲᠦᠮᠡᠨ ᠤ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠡᠷᠡᠰ | ᠵᠣᠷᠢᠭ ᠢ ᠪᠠᠲᠤᠳᠬᠠᠪᠠ᠃ | | ᠡᠮᠡᠭᠲᠡᠶᠢᠴᠦᠳ ᠤᠨ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠪᠣᠯ ᠬᠠᠤᠯᠢ ᠪᠠᠷ ᠵᠠᠰᠠᠬᠤ | ᠨᠡᠶᠢᠭᠡᠮ ᠤᠨ ᠪᠠᠶᠢᠪᠠᠰᠤ ᠵᠣᠬᠢᠬᠤ ᠠᠭᠤᠯᠭ᠎ᠠ ᠮᠥᠨ᠃ ᠰᠢᠭᠤᠶᠢᠲᠤ ᠲᠣᠭᠤᠷᠢᠭ ᠤᠨ ᠬᠠᠤᠯᠢ ᠴᠠᠭᠠᠵᠠ ᠶᠢᠨ | ᠲᠣᠪᠴᠢᠶ᠎ᠠ ᠶᠢᠨ ᠳ᠋ᠠ ᠾᠧᠩ ᠬᠠᠤᠯᠢ ᠴᠠᠭᠠᠵᠠ ᠶᠢᠨ ᠰᠠᠯᠪᠤᠷᠢ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠬᠦ᠂ ᠨᠡᠩ | ᠪᠣᠳᠠᠲᠠᠢ ᠠᠷᠭ᠎ᠠ ᠬᠡᠮᠵᠢᠶ᠎ᠡ᠂ ᠨᠡᠩ ᠭᠦᠨ ᠬᠠᠶᠢᠷ᠎ᠠ ᠰᠡᠳᠬᠢᠯ ᠢᠶᠠᠷ ᠡᠮᠡᠭᠲᠡᠶᠢᠴᠦᠳ ᠦᠨ ᠡᠷᠬᠡ ᠠᠱᠢᠭ ᠢ | ᠬᠠᠮᠠᠭᠠᠯᠠᠬᠤ ᠠᠵᠢᠯ ᠢ ᠰᠠᠶᠢᠲᠤᠷ ᠬᠢᠵᠦ᠂︽ᠬᠠᠭᠠᠰ ᠲᠡᠭᠷᠢ ᠭᠠᠵᠠᠷ︾ ᠡᠭᠦᠯᠡ ᠦᠭᠡᠢ ᠪᠠᠶᠢᠬᠤ ᠶᠢ ᠪᠠᠲᠤᠯᠠᠨ᠎ᠠ᠃ | ᠨᠢᠭᠡ ᠳᠤ᠂ ᠡᠬᠢ ᠡᠭᠦᠰᠦᠯ ᠢ ᠨᠢ ᠣᠯᠠᠨ ᠡᠰᠢᠵᠢᠭᠦᠯᠦᠨ ᠰᠢᠢᠳᠪᠦᠷᠢᠯᠡᠵᠦ᠂ ᠡᠮᠡᠭᠲᠡᠶᠢᠴᠦᠳ ᠤᠨ ᠡᠷᠬᠡ | ᠠᠰᠢᠭ ᠢ ᠬᠠᠮᠠᠭᠠᠯᠠᠬᠤ ︽ᠡᠮᠦᠨ᠎ᠡ ᠦᠵᠦᠭᠦᠷ︾ ᠢ ᠨᠢᠭᠲᠠ ᠰᠦᠯᠵᠢᠪᠡ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠡᠮᠦᠨ᠎ᠡ ᠦᠵᠦᠭᠦᠷ ᠢ ᠠᠳᠬᠤᠵᠤ᠂ ᠡᠪᠡᠳᠴᠢᠯᠡᠬᠦ ᠠᠴᠠ ᠡᠮᠦᠨ᠎ᠡ | ᠵᠠᠰᠠᠵᠤ᠂ ᠤᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠬᠦ᠂ ᠤᠯᠠᠨ ᠡᠰᠢᠴᠢᠯᠡᠨ ᠰᠢᠢᠳᠪᠦᠷᠢᠯᠡᠬᠦ ᠣᠶᠢᠯᠠᠭᠠᠭᠳᠠᠬᠤᠨ ᠢ | ᠡᠮᠡᠭᠲᠡᠶᠢᠴᠦᠳ ᠤᠨ ᠡᠷᠬᠡ ᠠᠰᠢᠭ ᠲᠤ ᠬᠤᠯᠪᠣᠭᠳᠠᠭᠰᠠᠨ ᠬᠡᠷᠡᠭ ᠲᠤ ᠢᠮᠠᠭᠲᠠ ᠲᠤᠭᠤᠰᠢᠯᠠᠭᠤᠯᠤᠨ᠎ᠠ᠃ | ᠡᠮᠡᠭᠲᠡᠶᠢᠴᠦᠳ ᠤᠨ ᠬᠤᠯᠪᠣᠭ᠎ᠠ᠂ ᠨᠡᠶᠢᠭᠡᠮ ᠤᠨ ᠵᠠᠰᠠᠯᠲᠠ ᠶᠢᠨ ᠲᠥᠪ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ | ᠵᠡᠷᠭᠡ ᠲᠠᠢ ᠵᠣᠯᠭᠠᠭᠤᠯᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠵᠥᠷᠢᠴᠡᠯ ᠢ ᠴᠤᠬᠤᠶᠢᠬᠤ ᠠᠴᠠ ᠡᠮᠦᠨ᠎ᠡ | ᠠᠷᠢᠯᠭᠠᠨ᠎ᠠ᠃ | ᠬᠤᠶᠠᠷ ᠲᠤ᠂ ᠬᠠᠤᠯᠢ ᠴᠠᠭᠠᠵᠠ ᠶᠢᠨ ᠲᠤᠰᠠᠯᠠᠮᠵᠢ ᠪᠠᠷ ᠡᠷᠬᠡ ᠪᠠᠨ ᠬᠠᠤᠯᠢ ᠶᠣᠰᠣᠭᠠᠷ ᠬᠠᠮᠠᠭᠠᠯᠠᠵᠤ᠂ | ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ︽ᠬᠠᠤᠯᠢ ᠪᠠᠷ ᠵᠠᠰᠠᠬᠤ ᠲᠣᠣᠷ︾ ᠢ ᠨᠢᠭᠲᠠ ᠰᠦᠯᠵᠢᠪᠡ᠃ ᠰᠢᠨ᠎ᠡ | ᠴᠠᠭ ᠦᠶ᠎ᠡ ᠶᠢᠨ ᠡᠮᠡᠭᠲᠡᠶᠢᠴᠦᠳ ᠤᠨ ᠡᠷᠬᠡ ᠠᠰᠢᠭ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠠᠵᠢᠯ ᠤᠨ | ᠣᠨᠴᠠᠯᠢᠭ ᠪᠠ ᠵᠢᠮ᠎ᠡ ᠶᠣᠰᠣ ᠶᠢ ᠣᠨᠣᠪᠴᠢᠲᠠᠶ ᠡᠵᠡᠮᠳᠡᠵᠦ᠂ ︽ᠬᠠᠤᠯᠢ ᠶᠢᠨ ᠲᠤᠰᠠᠯᠠᠮᠵᠢ ᠪᠠᠷ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ︾ ᠪᠠᠷ ᠭᠠᠷᠳᠠᠴᠠ ᠪᠣᠯᠭᠠᠵᠤ᠂ ︽ᠲᠤᠰᠠᠯᠠᠬᠤ ᠪᠠ ᠡᠶᠡᠳᠡᠭᠦᠯᠬᠦ ᠶᠢ ᠵᠣᠯᠭᠠᠭᠤᠯᠬᠤ︾ | ᠪᠠᠷ ᠠᠷᠭ᠎ᠠ ᠪᠠᠷᠢᠯ ᠪᠣᠯᠭᠠᠵᠤ᠂ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ | ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠡᠮᠡᠭᠲᠡᠶᠢᠴᠦᠳ ᠪᠠ ᠣᠯᠠᠨ ᠲᠦᠮᠡᠨ ᠳᠤ ᠡᠷᠬᠡ ᠪᠠᠨ ᠬᠠᠮᠠᠭᠠᠯᠠᠬᠤ | ᠬᠡᠷᠡᠭ ᠨᠢᠭᠡᠪᠦᠷᠢ ᠶᠢᠨ ᠳᠤᠮᠳᠠ ᠠᠴᠠ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠦᠨ᠎ᠡ᠃ | ᠭᠤᠷᠪᠠ ᠳᠤ᠂ ᠬᠠᠶᠢᠷ᠎ᠠ ᠰᠡᠳᠬᠢᠯᠭᠡ ᠶᠢᠨ ᠬᠠᠤᠯᠢ ᠴᠠᠭᠠᠵᠠ ᠪᠠᠷ ᠦᠢᠯᠡᠴᠢᠯᠡᠭᠡ ᠶᠢ ᠤᠷᠲᠤᠳᠬᠠᠵᠤ᠂ | ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ︽ᠬᠠᠶᠢᠷ᠎ᠠ ᠬᠠᠯᠠᠮᠵᠢ ᠶᠢᠨ ᠲᠣᠣᠷ︾ ᠢ ᠨᠢᠭᠲᠠ ᠰᠦᠯᠵᠢᠪᠡ᠃ | ᠡᠮᠡᠭᠲᠡᠶᠢᠴᠦᠳ ᠤᠨ ᠡᠷᠬᠡ ᠠᠰᠢᠭ ᠤᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ | ᠵᠢᠱᠢᠶ᠎ᠡ ᠦᠵᠡᠭᠦᠯᠬᠦ ᠦᠢᠯᠡᠳᠦᠯ ᠲᠠᠢ ᠨᠡᠶᠢᠲᠡᠯᠢᠭ ᠬᠡᠷᠡᠭ ᠤᠨ ᠵᠢᠱᠢᠶ᠎ᠡ ᠶᠢ ᠰᠣᠩᠭᠤᠨ ᠠᠪᠴᠤ᠂ ᠬᠡᠷᠡᠭ ᠢᠶᠠᠷ ᠬᠠᠤᠯᠢ | ᠲᠠᠶᠢᠯᠪᠤᠷᠢᠯᠠᠬᠤ᠂ ᠬᠠᠤᠯᠢ ᠴᠠᠭᠠᠵᠠ ᠶᠢᠨ ᠲᠠᠶᠢᠯᠤᠮᠵᠢ ᠬᠢᠬᠦ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ | ᠡᠮᠡᠭᠲᠡᠶᠢᠴᠦᠳ ᠤᠨ ᠬᠠᠤᠯᠢ ᠶᠣᠰᠣᠨ ᠤ ᠠᠷᠭ᠎ᠠ ᠵᠠᠮ ᠢ ᠰᠦᠪᠡᠭᠴᠢᠯᠡᠨ ᠲᠣᠰ ᠪᠡᠶ᠎ᠡ ᠶᠢᠨ ᠡᠷᠬᠡ ᠠᠰᠢᠭ ᠢᠶᠠᠨ | ᠬᠠᠮᠠᠭᠠᠯᠠᠬᠤ ᠶᠢ ᠬᠥᠲᠥᠯᠥᠨ ᠵᠢᠯᠤᠭᠤᠳᠴᠤ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠠᠭ ᠲᠤᠬᠠᠢ ᠳᠤᠨᠢ | ᠳ᠋ᠦᠩᠨᠡᠨ ᠳᠡᠯᠭᠡᠷᠡᠭᠦᠯᠵᠦ᠂ ᠡᠮᠡᠭᠲᠡᠶᠢᠴᠦᠳ ᠤᠨ ᠡᠷᠬᠡ ᠠᠰᠢᠭ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ | ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ | |