2 ᠰᠠᠷ᠎ᠠ ᠶᠢᠨ 29 ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ | ᠬᠢᠨ ︽ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠶᠢᠨ ᠤᠬᠠᠮᠰᠠᠷ ᠢ ᠪᠣᠶ ᠪᠣᠯᠭᠠᠵᠤ ᠰᠢᠨᠵᠢᠯᠡᠬᠦ ᠤᠬᠠᠭᠠᠨᠴᠢ ᠪᠠᠷ | ᠴᠢᠬᠢ ᠪᠠᠨ ᠬᠠᠶᠢᠷᠠᠯᠠᠵᠤ ᠴᠢᠬᠢ ᠪᠠᠨ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ ᠰᠣᠨᠣᠷ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ ᠪᠦᠬᠦ ᠲᠠᠯ᠎ᠠ ᠪᠠᠷ | ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠴᠢᠬᠢ ᠪᠠᠨ ᠬᠠᠶᠢᠷᠠᠯᠠᠬᠤ᠂ ᠴᠢᠬᠢ ᠪᠠᠨ ᠬᠠᠮᠠᠭᠠᠯᠠᠬᠤ ᠤᠬᠠᠮᠰᠠᠷ ᠢ | ᠨᠡᠮᠡᠭᠳᠡᠭᠦᠯᠬᠦ ᠶᠢᠨ ᠲᠥᠯᠥᠭᠡ᠂ ᠰᠠᠭᠤᠷᠢ ᠶᠢ ᠪᠠᠬᠢᠵᠢᠭᠦᠯᠪᠡ᠃ | ᠵᠡᠮᠳᠡᠭᠴᠦᠳ ᠤᠨ ᠲᠤᠰᠬᠠᠢ ᠲᠤᠰᠢᠶᠠᠯᠲᠤ ᠭᠡᠰᠢᠭᠦᠳ ᠣᠯᠠᠨ ᠳᠤ ︽ᠴᠢᠬᠢ ᠪᠠᠨ ᠬᠠᠶᠢᠷᠠᠯᠠᠬᠤ ᠡᠳᠦᠷ︾ ᠤᠨ | ᠤᠴᠢᠷ ᠰᠢᠯᠲᠠᠭᠠᠨ ᠢ ᠲᠠᠨᠢᠯᠴᠠᠭᠤᠯᠵᠤ᠂ ᠴᠢᠬᠢᠨ ᠳᠤ ᠳᠣᠣᠭᠤᠷ ᠳᠤᠤᠭᠠᠷᠬᠤ᠂ ᠴᠢᠬᠢ ᠳᠦᠯᠡᠶᠢᠷᠡᠬᠦ ᠵᠡᠷᠭᠡ ᠡᠪᠡᠳᠴᠢᠨ | ᠡᠮᠭᠡᠭ ᠤᠨ ᠰᠢᠨᠵᠢ ᠲᠡᠮᠳᠡᠭ ᠪᠠ ᠠᠷᠭᠠᠴᠠᠭᠠᠬᠤ ᠠᠷᠭ᠎ᠠ ᠬᠡᠮᠵᠢᠶ᠎ᠡ ᠶᠢ ᠲᠠᠨᠢᠯᠴᠠᠭᠤᠯᠵᠤ᠂ ᠴᠢᠬᠢ ᠪᠠᠨ ᠬᠠᠶᠢᠷᠠᠯᠠᠨ | ᠬᠠᠮᠠᠭᠠᠯᠠᠬᠤ ᠴᠢᠬᠤᠯᠠ ᠴᠢᠨᠠᠷ ᠢ ᠣᠯᠠᠨ ᠳᠤ ᠬᠡᠯᠡᠵᠦ ᠥᠭᠴᠡᠢ︔ ᠴᠢᠬᠢ ᠪᠠᠨ ᠬᠠᠶᠢᠷᠠᠯᠠᠬᠤ᠂ ᠴᠢᠬᠢ ᠪᠠᠨ | ᠬᠠᠮᠠᠭᠠᠯᠠᠬᠤ ᠶᠢᠨ ᠴᠢᠬᠤᠯᠠ ᠴᠢᠨᠠᠷ ᠢ ᠲᠠᠨᠢᠵᠤ᠂ ᠡᠷᠲᠡ ᠰᠡᠷᠭᠡᠶᠢᠯᠡᠬᠦ᠂ ᠡᠷᠲᠡ ᠢᠯᠡᠷᠡᠭᠦᠯᠬᠦ᠂ ᠡᠷᠲᠡ ᠡᠮᠨᠡᠨ ᠵᠠᠰᠠᠬᠤ ᠶᠢᠨ | ᠴᠢᠬᠤᠯᠠ ᠴᠢᠨᠠᠷ ᠢ ᠣᠶᠢᠯᠠᠭᠠᠪᠠ᠃ ᠲᠣᠰ ᠡᠳᠦᠷ ᠲᠤ ᠨᠡᠶᠢᠲᠡ 30 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠤᠬᠠᠭᠤᠯᠭ᠎ᠠ ᠶᠢᠨ ᠵᠢᠷᠤᠭ ᠢ 20 ᠭᠠᠷᠤᠢ ᠬᠤᠪᠢ ᠲᠠᠷᠬᠠᠭᠠᠪᠠ᠃ | ᠲᠣᠰ ᠤᠳᠠᠭᠠᠨ ᠤ ᠠᠵᠢᠯᠯᠠᠭ᠎ᠠ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠵᠢᠴᠢ ᠵᠡᠮᠳᠡᠭᠴᠦᠳ ᠤᠨ | ᠰᠣᠨᠣᠷ ᠤᠨ ᠭᠡᠮᠲᠦᠯ᠂ ᠵᠡᠮᠳᠡᠭ ᠪᠣᠯᠬᠤ ᠶᠢ ᠰᠡᠷᠭᠡᠶᠢᠯᠡᠬᠦ ᠵᠡᠷᠭᠡ ᠬᠠᠮᠢᠶ᠎ᠠ ᠪᠦᠬᠦᠢ ᠮᠡᠳᠡᠯᠭᠡ ᠶᠢᠨ ᠲᠤᠬᠠᠢ | ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠬᠤ ᠶᠢ ᠡᠳᠦᠷ ᠲᠤᠲᠤᠮ ᠤᠨ ᠠᠵᠢᠯ ᠪᠠ | ᠠᠮᠢᠳᠤᠷᠠᠯ ᠳᠤ ᠤᠯᠠᠮ ᠨᠢᠭᠡ ᠠᠯᠬᠤᠮ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | | | |