ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠰᠤᠷᠲᠠᠯ ᠢ ᠬᠠᠯᠠᠨ ᠰᠠᠶᠢᠵᠢᠷᠠᠭᠤᠯᠵᠤ᠂ ᠳᠦᠷᠢ | ᠲᠥᠷᠬᠦ ᠶᠢ ᠪᠣᠶ ᠪᠣᠯᠭᠠᠵᠤ᠂ ᠣᠯᠠᠨ ᠲᠦᠮᠡᠨ ᠢ ᠨᠢᠭᠲᠠᠷᠠᠭᠤᠯᠤᠨ ᠪᠣᠳᠠᠲᠠᠶᠢᠵᠢᠭᠤᠯᠵᠤ᠂ ᠠᠵᠢᠯ ᠬᠢᠵᠦ ᠠᠳᠠᠯ ᠦᠢᠯᠡᠰ | ᠴᠣᠭᠴᠠᠯᠠᠬᠤ ᠴᠤᠭ ᠰᠦᠯᠳᠡ ᠶᠢ ᠨᠠᠩ ᠥᠷᠭᠡᠨ ᠢᠶᠠᠷ ᠨᠢᠭᠲᠠᠷᠠᠭᠤᠯᠬᠤ ᠶᠢᠨ ᠲᠥᠯᠥᠭᠡ᠂ ᠰᠢᠭᠤᠶᠢᠲᠤ | ᠲᠣᠭᠣᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠡᠭᠦᠷᠭᠡ | ᠴᠢᠳᠠᠪᠤᠷᠢ ᠲᠠᠢ ᠤᠶᠠᠯᠳᠤᠭᠤᠯᠤᠨ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ | ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠰᠢᠷᠢᠰ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ | ᠨᠢᠭᠡ ᠤᠳᠠᠭᠠᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠭᠰᠠᠨ ᠬᠤᠷᠠᠯ ᠤᠨ ︽ᠴᠢᠭᠯᠡᠯ ᠢ | ᠵᠢᠭᠠᠬᠤ︾ ᠣᠶᠢᠷ᠎ᠠ ᠳᠤ᠂ ᠰᠢᠭᠤᠶᠢᠲᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ | ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠣᠬᠢᠷᠠᠭᠤᠯᠤᠨ ᠪᠠᠶᠢᠷᠢᠯᠠᠭᠤᠯᠬᠤ ᠬᠤᠷᠠᠯ | ᠬᠤᠷᠠᠯᠳᠤᠭᠤᠯᠵᠤ᠂ ᠬᠤᠷᠠᠯ ᠠᠴᠠ ᠱᠠᠭᠠᠷᠳᠠᠭᠰᠠᠨ ᠨᠢ᠂ ᠪᠥᠬᠦ ᠲᠠᠯ᠎ᠠ ᠶᠢᠨ ᠺᠠᠳ᠋ᠷ ᠠᠵᠢᠯᠲᠠᠨ ᠠᠵᠢᠯᠴᠢᠨ ᠦᠵᠡᠯ | ᠰᠠᠨᠠᠭ᠎ᠠ ᠪᠠᠨ ᠨᠢᠭᠡᠳᠬᠡᠨ᠂ ᠵᠣᠭᠰᠣᠴᠠ ᠪᠠᠨ ᠳᠡᠭᠡᠭᠰᠢᠯᠡᠭᠦᠯᠵᠦ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ︔ | ᠬᠠᠷᠠᠯᠲᠠ ᠪᠠᠨ ᠲᠣᠭᠲᠠᠭᠠᠵᠤ᠂ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠤᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢᠨ ᠠᠵᠢᠯ ᠤᠨ ᠭᠤᠣᠯᠳᠠᠯᠭ᠎ᠠ ᠶᠢ ᠪᠠᠲᠤ ᠡᠵᠡᠮᠳᠡᠵᠦ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠷᠠᠳ ᠤᠨ ᠠᠮᠢᠳᠤᠷᠠᠯ ᠤᠨ ᠬᠠᠮᠤᠭ ᠤᠨ ᠶᠡᠭᠡ | ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ | ᠦᠨᠡᠨ ᠬᠦ ᠰᠠᠶᠢᠲᠤᠷ ᠵᠠᠮᠨᠠᠵᠤ᠂ ᠠᠷᠠᠳ ᠤᠯᠠᠨ ᠳᠤ ᠠᠰᠠᠭᠤᠳᠠᠯ ᠢ ᠰᠢᠢᠳᠪᠦᠷᠢᠯᠡᠬᠦ ᠪᠣᠳᠠᠲᠠᠢ ᠦᠷ᠎ᠡ ᠪᠦᠲᠦᠮᠵᠢ ᠶᠢ | ᠦᠨᠡᠨ ᠬᠦ ᠮᠡᠳᠡᠷᠡᠭᠦᠯᠬᠦ ᠬᠡᠷᠡᠭᠲᠡᠢ︔ ᠡᠭᠦᠷᠭᠡᠯᠡᠯ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠭᠦᠨᠵᠡᠭᠡᠢ ᠥᠷᠨᠢᠬᠦ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ ᠭᠡᠵᠡᠢ᠃ | | ᠨᠢᠭᠡ ᠲᠠᠯᠠᠪᠤᠷ ᠳᠥᠭᠦᠮ ᠣᠶᠢᠯᠠᠭᠠᠮᠵᠢᠲᠠᠢ ᠤᠬᠠᠭᠤᠯᠤᠨ ᠲᠠᠶᠢᠯᠪᠤᠷᠢᠯᠠᠯᠲᠠ᠃ ᠰᠢᠭᠤᠶᠢᠲᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︽ᠨᠠᠮ ᠤᠨ ᠠᠴᠢ ᠳᠤ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ | ᠲᠠᠶᠢᠯᠪᠤᠷᠢᠯᠠᠯᠲᠠ ᠶᠢ ᠣᠯᠠᠨ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂︽ᠨᠠᠮ ᠤᠨ ᠠᠴᠢ ᠶᠢ ᠮᠡᠳᠡᠷᠡᠵᠦ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠪᠠᠷ ᠭᠤᠣᠯᠳᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠡᠨᠡ ᠬᠦ ᠭᠤᠣᠯ ᠰᠡᠳᠦᠪ ᠤᠨ ᠲᠣᠭᠤᠷᠢᠨ ᠳᠤ᠂ | ᠲᠥᠬᠦᠮ ᠣᠶᠢᠯᠠᠭᠠᠮᠵᠢᠲᠠᠢ ᠦᠭᠡ ᠬᠡᠯᠡ ᠪᠠᠷ ︽ᠵᠢᠷᠭᠤᠭᠠᠨ ᠦᠭᠡ︾ ᠲᠠᠢ ᠤᠶᠠᠯᠳᠤᠭᠤᠯᠤᠨ᠂ ᠳᠤᠮᠳᠠᠳᠤ ᠶᠢᠨ | ᠦᠨᠳᠦᠰᠦᠲᠡᠨ ᠤ ᠬᠥᠭᠵᠢᠯᠲᠡ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠶ ᠪᠣᠯᠭᠠᠬᠤ ᠦᠨᠳᠦᠰᠦᠨ ᠵᠢᠷᠤᠮᠯᠠᠯ᠂ ᠪᠣᠳᠠᠲᠤ ᠠᠬᠤᠢ ᠶᠢᠨ ᠪᠠᠲᠤᠯᠠᠭ᠎ᠠ᠂ ᠦᠵᠡᠯ | ᠰᠠᠨᠠᠭᠠᠨ ᠤ ᠰᠠᠭᠤᠷᠢ ᠵᠢᠴᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ | ᠪᠠᠬᠢᠯᠡᠯᠲᠡ ᠶᠢᠨ ᠦᠢᠯᠡᠳᠦᠯ ᠢ ᠤᠯᠠᠮ ᠨᠢᠭᠡ ᠠᠯᠬᠤᠮ ᠬᠥᠭᠵᠢᠭᠡᠪᠡ᠃ | | ᠨᠢᠭᠡ ᠲᠠᠯᠠᠪᠤᠷ ᠠᠵᠢᠯᠲᠠᠨ ᠡᠯᠰᠡᠬᠦ ᠴᠤᠭᠯᠠᠭᠠᠨ ︽ᠬᠥᠮᠥᠨ ᠤ ᠰᠡᠳᠬᠢᠯ ᠢ ᠳᠤᠯᠠᠭᠠᠴᠠᠭᠤᠯᠵᠤ︾᠂ ᠰᠢᠭᠤᠶᠢᠲᠤ | ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠤ | ᠬᠠᠪᠤᠷ ᠤᠨ ᠰᠠᠯᠬᠢᠨ ᠤ ᠠᠵᠢᠯᠯᠠᠭ᠎ᠠ ᠪᠠ ︽ᠬᠠᠪᠤᠷ ᠤᠨ ᠳᠤᠯᠠᠭᠠᠨ ᠮᠠᠯᠴᠢᠨ ᠲᠠᠷᠢᠶᠠᠴᠢᠨ ᠬᠦᠴᠦ ᠶᠠᠪᠤᠭᠴᠢ︾ ᠶᠢᠨ | ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ | ᠡᠯᠰᠡᠬᠦ ᠴᠤᠭᠯᠠᠭᠠᠨ ᠢ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠬᠤ ᠠᠵᠢᠯᠲᠠᠨ ᠡᠯᠰᠡᠬᠦ︾ | ᠵᠠᠭᠪᠤᠷ ᠢᠶᠠᠷ ᠵᠡᠷᠭᠡᠪᠡᠷ ᠶᠠᠪᠤᠭᠳᠠᠭᠤᠯᠵᠤ᠂ ᠲᠤᠬᠠᠢ ᠶᠢᠨ ᠲᠠᠯᠠᠪᠤᠷ ᠤᠨ 13 ᠠᠵᠤ ᠠᠬᠤᠶᠢᠯᠠᠯ 537 ᠠᠵᠢᠯ ᠤᠨ | ᠪᠠᠶᠢᠷᠢ ᠬᠠᠩᠭᠠᠵᠤ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠶᠢᠴᠢᠯᠠᠭᠰᠠᠨ ᠬᠥᠮᠥᠨ ᠤ ᠲᠤᠭ᠎ᠠ 4000 | ᠭᠠᠷᠤᠢ ᠬᠥᠮᠥᠨ ᠤᠳᠠᠭ᠎ᠠ ᠳᠤ ᠬᠦᠷᠪᠡ᠃ ᠠᠵᠢᠯᠲᠠᠨ ᠡᠯᠰᠡᠬᠦ ᠴᠤᠭᠯᠠᠭᠠᠨ ᠳᠤ ᠠᠵᠤ ᠠᠬᠤᠶᠢᠯᠠᠯ ᠤᠨ ᠠᠵᠢᠯᠲᠠᠨ | ᠡᠯᠰᠡᠬᠦ ᠲᠣᠭᠤᠷᠢᠭ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ ᠵᠡᠷᠭᠡ ᠣᠯᠠᠨ ᠲᠣᠭᠤᠷᠢᠭ | ᠬᠤᠪᠢᠶᠠᠵᠤ᠂ ᠲᠤᠬᠠᠢ ᠶᠢᠨ ᠲᠠᠯᠠᠪᠤᠷ ᠲᠤ 330 ᠭᠠᠷᠤᠢ ᠠᠵᠢᠯ ᠡᠷᠢᠭᠰᠡᠳ ᠨᠠᠰᠢ ᠴᠠᠰᠢ ᠰᠦᠯᠵᠢᠯᠳᠦᠵᠦ᠂ ᠡᠨᠡ | ᠬᠤᠭᠤᠴᠠᠭᠠᠨ ᠳᠤ 100 ᠭᠠᠷᠤᠢ ᠬᠥᠮᠥᠨ ᠠᠵᠢᠯ ᠣᠯᠬᠤ ᠰᠠᠨᠠᠮᠵᠢ ᠲᠠᠢ ᠪᠣᠯᠵᠤ᠂ ᠠᠵᠢᠯ ᠤᠨ ᠪᠠᠶᠢᠷᠢ ᠶᠢᠨ ᠮᠡᠳᠡᠭᠡ | ᠵᠠᠩᠭᠢ ᠪᠠ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠬᠠᠭᠤᠳᠠᠰᠤ 300 ᠭᠠᠷᠤᠢ ᠬᠤᠪᠢ ᠲᠠᠷᠬᠠᠭᠠᠪᠠ᠃ ᠠᠵᠢᠯ ᠡᠷᠢᠭᠴᠢ ᠬᠢᠭᠡᠳ ᠬᠥᠮᠥᠨ ᠬᠡᠷᠡᠭᠯᠡᠬᠦ ᠨᠢᠭᠡᠴᠡ ᠶᠢᠨ | ᠬᠤᠭᠤᠷᠣᠨᠳᠣᠬᠢ︽ᠬᠥᠭᠦᠷᠭᠡ︾ ᠶᠢ ᠠᠮᠵᠢᠯᠲᠠ ᠲᠠᠢ ᠪᠠᠷ ᠪᠠᠶᠢᠭᠤᠯᠤᠨ᠂ ᠬᠤᠶᠠᠭᠤᠯᠠ ᠶᠢᠨ ᠬᠤᠶᠠᠷ ᠲᠠᠯ᠎ᠠ ᠪᠠᠷ ᠢᠶᠠᠨ | ᠣᠴᠢᠬᠤ ᠶᠢ ᠪᠡᠶᠡᠯᠡᠭᠦᠯᠦᠨ᠎ᠡ᠃ | | ᠭᠡᠷ ᠲᠤ ᠨᠢ ᠬᠦᠷᠭᠡᠬᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠪᠠᠷ ᠠᠷᠠᠳ ᠤᠨ ᠰᠡᠳᠬᠢᠯ ᠢ | ᠨᠢᠭᠲᠠᠷᠠᠭᠤᠯᠪᠠ᠃ ᠠᠵᠤ ᠠᠬᠤᠢ ᠶᠢ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠣᠯ ᠬᠥᠮᠥᠨ ᠤ | ᠰᠡᠳᠬᠢᠯ ᠢ ᠨᠢᠭᠲᠠᠷᠠᠭᠤᠯᠬᠤ ᠶᠢᠨ ᠰᠠᠭᠤᠷᠢ ᠮᠥᠨ᠃ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠠᠯᠠᠭ᠎ᠠ ᠮᠥᠴᠢᠷ | ᠪᠣᠯᠤᠭᠰᠠᠨ ᠤ ᠬᠤᠪᠢ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠶᠢ ᠰᠠᠶᠢᠲᠤᠷ ᠬᠢᠬᠦ ᠶᠢᠨ | ᠬᠠᠮᠲᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠨᠡᠶᠢᠭᠡᠮ ᠤᠨ ᠳᠠᠭᠠᠳᠬᠠᠯ ᠪᠠ ᠬᠥᠳᠡᠯᠮᠦᠷᠢ ᠶᠢᠨ ᠬᠠᠷᠢᠴᠠᠭ᠎ᠠ | ᠵᠡᠷᠭᠡ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠲᠠᠢ ᠨᠢᠭᠲᠠ ᠤᠶᠠᠯᠳᠤᠭᠤᠯᠤᠨ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠤᠬᠠᠭᠤᠯᠭ᠎ᠠ ᠶᠢᠨ ᠠᠵᠢᠯ ᠤᠨ ︽ᠡᠴᠦᠰ ᠤᠨ ᠨᠢᠭᠡ | ᠺᠢᠯᠣᠮᠧᠲᠷ︾ ᠢ ᠢᠳᠡᠪᠬᠢᠲᠡᠢ ᠨᠠᠪᠲᠠᠷᠡᠭᠦᠯᠵᠦ᠂ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ ᠬᠦᠷᠭᠡᠬᠦ᠂ ᠲᠥᠷᠥ ᠶᠢᠨ | ᠪᠣᠳᠣᠯᠭ᠎ᠠ ᠶᠢ ᠣᠨᠣᠪᠴᠢᠲᠠᠶ ᠶᠠᠷᠢᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠲᠥᠷᠥ ᠶᠢᠨ ᠪᠣᠳᠣᠯᠭ᠎ᠠ ᠶᠢ | ᠤᠯᠠᠮ ᠨᠢᠭᠡ ᠠᠯᠬᠤᠮ ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ ᠲᠥᠷᠥ ᠶᠢᠨ | ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠬᠦᠷᠲᠡᠭᠡᠵᠦ᠂ ᠲᠥᠷᠥ ᠶᠢᠨ ᠪᠣᠳᠣᠯᠭ᠎ᠠ ᠪᠠᠷ ᠠᠷᠠᠳ ᠲᠤ ᠠᠰᠢᠭ | ᠬᠦᠷᠲᠡᠭᠡᠬᠦ᠂ ᠨᠠᠮ ᠤᠨ ᠠᠴᠢ ᠶᠢ ᠮᠡᠳᠡᠷᠡᠬᠦ᠂ ᠠᠷᠠᠳ ᠤᠨ ᠰᠡᠳᠬᠢᠯ ᠢ ᠨᠢᠭᠲᠠᠷᠠᠭᠤᠯᠤᠨ᠎ᠠ᠃ | |