【ᠯᠧᠢ ᠹᠧᠩ ᠠᠴᠠ ᠰᠤᠷᠤᠯᠴᠠᠬᠤ᠂ ᠪᠣᠯᠪᠠᠰᠤᠨ ᠢ ᠦᠢᠯᠡᠳᠦᠯᠭᠡᠵᠢᠭᠦᠯᠬᠦ ᠠᠵᠢᠯᠯᠠᠭ᠎ᠠ】 ᠰᠢᠭᠤᠶᠢᠲᠤ ᠵᠡᠭᠡᠯᠢ ᠭᠤᠳᠤᠮᠵᠢ ᠶᠢᠨ ᠡᠪᠯᠡᠯ  ᠤᠨ ᠠᠵᠢᠯ ᠤᠨ ᠬᠤᠷᠢᠶ᠎ᠠ᠄  ᠰᠢᠨ᠎ᠡ ᠴᠠᠭ ᠦᠶ᠎ᠡ ᠶᠢᠨ ᠯᠧᠢ ᠹᠧᠩ  ᠤᠨ ᠵᠣᠷᠢᠭ ᠰᠠᠨᠠᠭ᠎ᠠ ᠤᠮᠠᠷᠠᠲᠤ ᠬᠢᠯᠢ ᠶᠢ ᠭᠡᠶᠢᠭᠦᠯᠦᠨ᠎ᠡ
ᠨᠡᠶᠢᠲᠡᠯᠡᠭᠰᠡᠨ ᠴᠠᠭ᠄
2024/3/11
        ᠭᠤᠷᠪᠠᠨ ᠰᠠᠷ᠎ᠠ ᠶᠢᠨ ᠬᠠᠪᠤᠷ ᠤᠨ ᠰᠠᠯᠬᠢ ᠬᠥᠮᠥᠨ ᠤ ᠰᠡᠳᠬᠢᠯ ᠢ ᠳᠤᠯᠠᠭᠠᠴᠠᠭ ᠣᠯᠣᠨ᠎ᠠ᠂ ᠯᠧᠢ ᠹᠧᠩ ᠦᠨ ᠵᠣᠷᠢᠭ ᠰᠠᠨᠠᠭ᠎ᠠ ᠨᠠᠳᠠ ᠲᠠᠢ ᠬᠠᠮᠲᠤ ᠶᠠᠪᠤᠨ᠎ᠠ᠃ ᠯᠧᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠰᠢᠭᠤᠶᠢᠲᠤ ᠵᠡᠭᠡᠯᠢ ᠭᠤᠳᠤᠮᠵᠢ ᠶᠢᠨ ᠡᠪᠯᠡᠯ ᠤᠨ ᠠᠵᠢᠯ ᠤᠨ ᠬᠤᠷᠢᠶ᠎ᠠ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠠᠢ ᠬᠠᠮᠲᠤᠷᠠᠨ ︽ᠰᠢᠨ᠎ᠡ ᠴᠠᠭ ᠦᠶ᠎ᠡ ᠶᠢᠨ ᠯᠧᠢ ᠹᠧᠩ ᠤᠨ ᠵᠣᠷᠢᠭ ᠰᠠᠨᠠᠭ᠎ᠠ ᠤᠮᠠᠷᠠᠲᠤ ᠬᠢᠯᠢ ᠶᠢ ᠭᠡᠶᠢᠭᠦᠯᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠤᠨ ᠭᠠᠭᠴᠠᠭᠠᠷ ᠰᠠᠭᠤᠭ᠎ᠠ ᠨᠠᠰᠤᠲᠠᠶᠢᠴᠤᠳ ᠤᠨ ᠳᠤᠮᠳᠠ ᠬᠦᠷᠴᠦ᠂ ᠲᠡᠳᠡᠨ ᠢ ᠬᠠᠪᠰᠤᠷᠤᠨ ᠡᠷᠡᠭᠦᠯ ᠬᠠᠮᠠᠭᠠᠯᠠᠯ ᠢ ᠴᠡᠪᠡᠷᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠭᠡᠪᠡ᠃        ᠰᠠᠶᠢᠨ ᠳᠤᠷᠠᠴᠤᠳ ᠠᠯᠢ ᠡᠷᠲᠡ ᠨᠠᠰᠤᠲᠠᠨ ᠤ ᠭᠡᠷ ᠲᠤ ᠬᠦᠷᠴᠦ᠂ ᠨᠠᠰᠤᠲᠠᠨ ᠢ ᠬᠠᠪᠰᠤᠷᠤᠨ ᠴᠡᠪᠡᠷᠯᠡᠭᠡ ᠬᠢᠪᠡ᠃ ᠲᠡᠳᠡ ᠠᠵᠢᠯ ᠬᠤᠪᠢᠶᠠᠷᠢᠯᠠᠨ ᠬᠠᠮᠲᠤᠷᠠᠯᠴᠠᠵᠤ᠂ ᠭᠡᠷ ᠤᠨ ᠡᠳ᠋ᠯᠡᠯ ᠬᠡᠷᠡᠭᠰᠡᠯ᠂ ᠡᠭᠦᠳᠡ ᠴᠣᠩᠬᠤ᠂ ᠭᠠᠵᠠᠷ ᠵᠦᠯᠭᠦᠬᠦ ᠶᠢᠨ ᠬᠠᠮᠲᠤ ᠠᠮᠢᠳᠤᠷᠠᠯ ᠤᠨ ᠡᠳ᠋ ᠪᠣᠳᠠᠰ ᠢ ᠲᠥᠷᠥᠯ ᠬᠤᠪᠢᠶᠠᠨ ᠡᠮᠬᠢᠯᠡᠵᠦ᠂ ᠨᠠᠰᠤᠲᠠᠨ ᠤ ᠭᠡᠷ ᠢ ᠴᠣ ᠰᠢᠨ᠎ᠡ ᠪᠣᠯᠭᠠᠪᠠ᠃ ᠡᠭᠦᠨ ᠤ ᠬᠠᠮᠲᠤ᠂ ᠰᠠᠶᠢᠨ ᠳᠤᠷ᠎ᠠ ᠶᠢᠨ ᠠᠵᠢᠯᠯᠠᠭᠴᠢᠳ ᠪᠠᠰᠠ ᠨᠠᠰᠤᠲᠠᠨ ᠲᠠᠢ ᠵᠣᠭᠤᠭᠳᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠨᠠᠰᠤᠲᠠᠶᠢᠴᠤᠳ ᠲᠤ ᠨᠡᠶᠢᠭᠡᠮ ᠲᠣᠭᠤᠷᠢᠭ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠶᠠᠷᠢᠵᠤ ᠥᠭᠬᠦ ᠶᠢᠨ ᠬᠠᠮᠲᠤ ᠨᠠᠰᠤᠲᠠᠳ ᠲᠤ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠠᠮᠤᠷ ᠲᠦᠪᠰᠢᠨ ᠢ ᠠᠩᠬᠠᠷᠬᠤ ᠬᠡᠷᠡᠭᠲᠡᠢ ᠭᠡᠵᠦ ᠵᠠᠬᠢᠵᠤ᠂ ᠬᠡᠷᠪᠡ ᠬᠦᠴᠢᠷᠳᠡᠯ ᠲᠤᠯᠭᠠᠷᠠᠪᠠᠯ ᠴᠠᠭ ᠲᠤᠬᠠᠢ ᠳᠤᠨᠢ ᠨᠡᠶᠢᠭᠡᠮ ᠲᠣᠭᠤᠷᠢᠭ ᠲᠠᠢ ᠬᠠᠷᠢᠯᠴᠠᠵᠤ᠂ ᠰᠦᠯᠵᠢᠶᠡᠨ ᠤ ᠠᠵᠢᠯᠲᠠᠨ ᠲᠠᠢ ᠬᠠᠷᠢᠯᠴᠠᠵᠤ ᠪᠣᠯᠣᠨ᠎ᠠ᠃        ᠰᠠᠶᠢᠨ ᠳᠤᠷ᠎ᠠ ᠶᠢᠨ ᠠᠵᠢᠯᠯᠠᠭᠴᠢ ᠶᠧ ᠡᠭᠡᠴᠢ᠄ ︽ᠨᠡᠶᠢᠭᠡᠮ ᠲᠣᠭᠤᠷᠢᠭ ᠤᠨ ᠭᠠᠭᠴᠠᠭᠠᠷ ᠰᠠᠭᠤᠭ᠎ᠠ ᠨᠠᠰᠤᠲᠠᠨ ᠬᠡᠳᠦᠶᠢᠪᠡᠷ ᠠᠮᠢᠳᠤᠷᠠᠯ ᠢᠶᠠᠨ ᠠᠷᠭᠠᠴᠠᠵᠤ ᠴᠢᠳᠠᠬᠤ ᠪᠣᠯᠪᠠᠴᠤ ᠭᠡᠷ ᠪᠠᠶᠢᠰᠢᠩ ᠢ ᠱᠦᠭᠦᠷᠳᠡᠵᠦ᠂ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠪᠠᠷ ᠡᠳᠡᠭᠡᠷ ᠶᠠᠪᠤᠳᠠᠯ ᠢ ᠠᠷᠢᠯᠭᠠᠬᠤ ᠪᠣᠯ ᠮᠥᠨ ᠴᠦ ᠪᠡᠶ᠎ᠡ ᠶᠢᠨ ᠬᠦᠴᠦ ᠮᠥᠨ᠂ ᠨᠠᠰᠤ ᠠᠬᠢᠭᠰᠠᠨ ᠬᠥᠮᠥᠰ ᠲᠤ ᠠᠪᠴᠤ ᠬᠡᠯᠡᠪᠡᠯ ᠴᠥᠮ ᠶᠠᠷᠰᠢᠭ ᠲᠦᠪᠡᠭ ᠲᠠᠢ ᠶᠠᠪᠤᠳᠠᠯ ᠮᠥᠨ᠂ ᠪᠢᠳᠡ ᠲᠡᠳᠡᠨ ᠢ ᠴᠢᠳᠠᠯ ᠤᠨ ᠬᠢᠷᠢ ᠪᠠᠷ ᠢᠶᠠᠨ ᠬᠠᠪᠰᠤᠷᠴᠤ ᠮᠠᠰᠢ ᠶᠡᠭᠡ ᠤᠳᠬ᠎ᠠ ᠠᠭᠤᠯᠭ᠎ᠠ ᠲᠠᠢ ᠶᠠᠪᠤᠳᠠᠯ ᠮᠥᠨ︾ ᠭᠡᠵᠦ ᠢᠯᠡᠳᠬᠡᠪᠡ᠃        ᠨᠢᠭᠡ ᠰᠠᠯᠠᠭ᠎ᠠ ᠨᠢᠭᠡ ᠨᠠᠪᠴᠢ ᠶᠡᠷᠦ ᠨᠢ ᠬᠠᠶᠢᠷ᠎ᠠ ᠰᠡᠳᠬᠢᠯᠭᠡ ᠲᠠᠢ ᠪᠠᠶᠢᠳᠠᠭ᠂ ᠬᠠᠮᠤᠭ ᠠᠷᠪᠢᠨ ᠨᠢ︽ᠪᠠᠭ᠎ᠠ ᠤᠴᠢᠷ︾ ᠮᠥᠨ᠃ ᠲᠣᠰ ᠤᠳᠠᠭᠠᠨ ᠤ ᠠᠵᠢᠯᠯᠠᠭ᠎ᠠ ᠨᠢ ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠬᠤ ᠶᠢ ᠠᠬᠢᠭᠤᠯᠤᠭᠰᠠᠨ ᠪᠥᠭᠡᠳ ᠪᠠᠰᠠ ᠪᠣᠳᠠᠲᠤ ᠠᠵᠢᠯᠯᠠᠭ᠎ᠠ ᠪᠠᠷ ᠢᠶᠠᠨ ᠭᠠᠭᠴᠠᠭᠠᠷ ᠰᠠᠭᠤᠭ᠎ᠠ ᠨᠠᠰᠤᠲᠠᠳ ᠢ ᠳᠤᠯᠠᠭᠠᠴᠠᠭᠤᠯᠵᠤ᠂ ᠭᠠᠭᠴᠠᠭᠠᠷ ᠰᠠᠭᠤᠭ᠎ᠠ ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠡᠢ᠃ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠡᠪᠯᠡᠯ ᠤᠨ ᠠᠵᠢᠯ ᠤᠨ ᠬᠤᠷᠢᠶ᠎ᠠ ᠯᠧᠢ ᠹᠧᠩ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠥᠪᠡᠷ ᠥᠪᠡᠷ ᠤᠨ ᠣᠨᠴᠠᠯᠢᠭ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠯᠧᠢ ᠹᠧᠩ ᠤᠨ ᠵᠣᠷᠢᠭ ᠰᠠᠨᠠᠭ᠎ᠠ ᠭᠠᠵᠠᠷ ᠰᠠᠢ ᠦᠭᠡᠢ ᠴᠡᠴᠡᠭᠯᠡᠵᠦ᠂ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢᠨ ᠬᠠᠮᠲᠤ ᠨᠡᠶᠢᠭᠡᠮ ᠲᠣᠭᠤᠷᠢᠭ ᠤᠨ ᠪᠠᠭᠤᠷᠠᠶᠢᠴᠤᠤᠯ ᠢ ᠦᠷᠭᠦᠯᠵᠢᠯᠡᠨ ᠠᠩᠬᠠᠷᠴᠤ᠂ ︽ᠥᠲᠡᠯᠪᠡᠯ ᠬᠦᠨᠳᠦᠳᠬᠡᠯ ᠲᠠᠢ᠂ ᠥᠲᠡᠯᠪᠡᠯ ᠬᠠᠶᠢᠷ᠎ᠠ ᠲᠠᠢ᠂ ᠥᠲᠡᠯᠪᠡᠯ ᠲᠤᠰᠠᠯᠠᠮᠵᠢ ᠲᠠᠢ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃
1709714684625036184.png
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号