ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠯᠪᠠᠰᠤᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/3/11
        ᠳᠣᠮᠲᠠᠲᠤ ᠤᠯᠤᠰ ᠤᠨ ᠰᠢᠨᠵᠢᠯᠡᠬᠦ ᠤᠬᠠᠭᠠᠨ ᠤ ᠬᠦᠢᠷᠢᠶᠠᠯᠠᠩ ᠤᠨ ᠠᠺᠠᠳᠧᠮᠢᠴᠢ᠂ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠵᠠᠬᠢᠷᠤᠯ ᠬᠠᠨ ᠵᠢᠶ᠋ᠧ ᠴᠠᠢ ᠳᠣᠰ ᠰᠣᠨᠢᠨ ᠤ ᠰᠣᠷᠪᠤᠯᠵᠢᠯᠠᠬᠴᠢ ᠶᠢᠨ ᠲᠤᠰᠬᠠᠢ ᠰᠣᠷᠪᠤᠯᠵᠢᠯᠠᠭ᠎ᠠ ᠶᠢ ᠬᠦᠢᠯᠢᠶᠠᠭᠦ ᠳᠠᠭᠠ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠢᠴᠣᠠ ᠢ ᠬᠦᠢᠭᠵᠢᠭᠦᠯᠭᠦ ᠳᠠᠭᠠ ᠡᠷᠬᠡᠪᠰᠢ ᠡᠭᠦᠨ ᠢ ᠣᠶᠢᠷᠭᠦᠯᠵᠢᠯᠠᠨ ᠰᠠᠶᠢᠲᠤᠷ ᠬᠢᠬᠦ ᠬᠡᠷᠠᠭᠲᠠᠢ ᠭᠡᠵᠦ ᠡᠶᠢᠯᠠᠷᠭᠡᠶᠢᠯᠠᠵᠠᠢ᠃ ᠳᠡᠭᠡᠳᠦ ᠵᠡᠷᠭᠡ ᠶᠢᠨ ᠰᠤᠷᠭᠠᠭᠤᠯᠢ ᠨᠢ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠤ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠨᠢᠭᠡᠳᠦᠭᠡᠷ ᠬᠥᠳᠡᠯᠭᠡᠬᠦ ᠬᠦᠴᠦᠨ ᠤ ᠴᠢᠬᠤᠯᠠ ᠤᠶᠠᠯᠳᠤᠯ ᠴᠡᠭ ᠪᠣᠯᠤᠭᠰᠠᠨ ᠤ ᠬᠤᠪᠢ ᠳᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠪᠣᠯᠣᠨ᠎ᠠ᠃ ᠶᠡᠭᠡ ᠳᠡᠭᠡᠳᠦ ᠰᠤᠷᠭᠠᠭᠤᠯᠢ ᠶᠢᠨ ᠬᠢᠨ ᠮᠠᠷᠺᠰ ᠤᠨ ᠦᠵᠡᠯ ᠤᠨ ᠦᠢᠯᠡᠳᠪᠦᠷᠢᠯᠡᠯ ᠤᠨ ᠬᠦᠴᠦᠨ ᠤ ᠤᠨᠤᠯ ᠤᠨ ᠬᠠᠮᠤᠭ ᠤᠨ ᠰᠢᠨ᠎ᠡ ᠬᠥᠭᠵᠢᠯᠲᠡ ᠶᠢᠨ ᠦᠷ᠎ᠡ ᠪᠦᠲᠦᠭᠡᠯ ᠢ ᠭᠦᠨᠵᠡᠭᠡᠢ ᠣᠶᠢᠯᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠨᠡ ᠬᠦ ᠭᠤᠣᠯ ᠬᠦᠴᠦᠨ ᠵᠦᠢᠯ ᠢ ᠪᠠᠲᠤ ᠡᠵᠡᠮᠳᠡᠵᠦ᠂ ᠬᠥᠳᠡᠯᠮᠦᠷᠢᠴᠢᠳ᠂ ᠬᠥᠳᠡᠯᠮᠦᠷᠢ ᠶᠢᠨ ᠮᠠᠲ᠋ᠧᠷᠢᠶᠠᠯ᠂ ᠬᠥᠳᠡᠯᠮᠦᠷᠢ ᠶᠢᠨ ᠡᠲᠡᠭᠡᠳ ᠵᠢᠴᠢ ᠲᠡᠭᠦᠨ ᠢ ᠰᠢᠯᠢᠳᠡᠭᠵᠢᠭᠦᠯᠦᠨ ᠵᠣᠬᠢᠶᠠᠨ ᠪᠠᠶᠢᠭᠤᠯᠬᠤ ᠶᠢᠨ ᠦᠰᠦᠷᠦᠩᠭᠦᠢ ᠳᠠᠪᠰᠢᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠤ ᠳᠠᠪᠠᠭᠤᠯᠢᠭ᠂ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃        ︽ᠪᠢᠳᠡ ᠶᠡᠷᠦᠩᠬᠡᠢ ᠱᠦᠵᠢ ᠰᠢ ᠶᠢᠨ ᠫᠢᠩ ᠤᠨ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠠᠶᠢᠭᠤᠯᠤᠭᠳᠠᠭᠰᠠᠨ 100 ᠵᠢᠯ ᠤᠨ ᠤᠢ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠳᠣᠣᠷ᠎ᠠ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠪᠠᠶᠢᠷᠢᠯᠠᠭᠤᠯᠬᠤ ᠳᠣᠲᠣᠭᠠᠳᠤ ᠯᠣᠭᠢᠭ ᠢ ᠰᠢᠰᠲ᠋ᠧᠮ ᠲᠠᠢ ᠡᠵᠡᠮᠳᠡᠵᠦ᠂ ᠴᠢᠳᠠᠪᠤᠷᠢᠲᠠᠨ ᠤ ᠨᠢᠭᠡᠳᠦᠭᠡᠷ ᠡᠬᠢ ᠪᠠᠶᠠᠯᠢᠭ ᠢ ᠲᠥᠪᠯᠡᠷᠡᠭᠦᠯᠬᠦ ᠶᠢ ᠲᠦᠷᠭᠡᠳᠬᠡᠬᠦ᠂ ᠰᠢᠨ᠎ᠡ ᠶᠢ ᠡᠭᠦᠳᠬᠦ ᠨᠢᠭᠡᠳᠦᠭᠡᠷ ᠬᠥᠳᠡᠯᠭᠡᠬᠦ ᠬᠦᠴᠦᠨ ᠢ ᠪᠤᠵᠠᠭᠠᠶᠢᠷᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠡᠳᠦᠭᠡᠷ ᠰᠤᠷᠭᠠᠭᠤᠯᠢ ᠶᠢᠨ ︿ᠣᠷᠣᠶᠢᠯᠠᠭᠰᠠᠨ ᠴᠡᠷᠢᠭ﹀ ᠤᠨ ᠦᠢᠯᠡᠳᠦᠯ ᠢ ᠰᠢᠰᠲ᠋ᠧᠮ ᠲᠠᠢ ᠠᠬᠢᠭᠤᠯᠬᠤ ᠪᠠᠷ ᠳᠠᠮᠵᠢᠭᠤᠯᠤᠨ᠂ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠡᠭᠡ ᠤᠷᠤᠰᠬᠠᠯ ᠳᠤ ᠦᠢᠯᠡᠴᠢᠯᠡᠪᠡ᠃ ᠬᠠᠨ ᠵᠢᠶᠧ ᠼᠠᠢ ᠲᠥ᠋ᠯᠥᠭᠡᠯᠡᠭᠴᠢ ᠬᠡᠯᠡᠭᠰᠡᠨ ᠨᠢ᠃        ᠴᠢᠳᠠᠪᠤᠷᠢᠲᠠᠨ ᠪᠣᠯ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠴᠢᠬᠤᠯᠠ ᠲᠤᠯᠭᠠᠭᠤᠷᠢᠯᠠᠯ ᠮᠥᠨ᠃ ᠤᠯᠠᠨ ᠵᠢᠯ ᠤᠨ ᠲᠤᠷᠰᠢ᠂ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠢᠯᠡᠷᠡᠭᠦᠯᠬᠦ᠂ ᠬᠥᠮᠥᠵᠢᠭᠦᠯᠬᠦ᠂ ᠬᠡᠷᠡᠭᠯᠡᠬᠦ᠂ ᠤᠷᠮᠠᠰᠢᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠢᠨᠵᠢᠯᠡᠭᠡᠨ ᠤ ᠰᠠᠯᠠᠭ᠎ᠠ ᠶᠢᠨ ᠣᠨᠴᠠᠯᠢᠭ ᠢᠶᠠᠷ ᠬᠥᠲᠥᠯᠥᠮᠵᠢ ᠪᠣᠯᠭᠠᠭᠰᠠᠨ ᠲᠦᠷᠦᠯ ᠬᠤᠪᠢᠶᠠᠨ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠪᠠᠶᠢᠭᠤᠯᠵᠤ᠂ ᠤᠨᠢᠨ ᠳᠡᠭᠡᠷ᠎ᠡ ᠨᠢ ᠪᠦᠬᠦ ᠪᠥᠮᠪᠥᠷᠴᠡᠭ ᠤᠨ ᠴᠢᠳᠠᠪᠤᠷᠢᠲᠠᠨ ᠢ ᠰᠣᠩᠭᠤᠨ ᠤᠷᠢᠬᠤ ᠰᠢᠰᠲ᠋ᠧᠮ ᠢ ᠲᠦᠷᠭᠡᠨ ᠪᠠᠶᠢᠭᠤᠯᠵᠤ᠂ ᠠᠶᠠᠯᠠᠯ ᠤᠨ ᠵᠠᠮᠴᠢᠯᠠᠭᠴᠢ ᠡᠷᠳᠡᠮᠲᠡᠨ᠂ ᠬᠤᠪᠢᠯᠭᠠᠨ ᠣᠩᠭᠤᠴᠠᠲᠤ ᠡᠷᠳᠡᠮᠲᠡᠨ᠂ ᠴᠦᠨ ᠶᠠᠨ ᠰᠣᠳᠣᠨ ᠴᠢᠳᠠᠪᠤᠷᠢᠲᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠴᠢᠳᠠᠪᠤᠷᠢᠲᠠᠨ ᠵᠡᠷᠭᠡ ᠶᠢ ᠭᠠᠷᠭᠠᠵᠤ᠂ ᠪᠠᠭᠰᠢ ᠠᠵᠢᠯᠲᠠᠨ ᠤ ᠴᠠᠯᠢᠩ ᠣᠯᠭᠤᠮᠵᠢ ᠶᠢ ᠶᠡᠭᠡ ᠪᠠᠷ ᠳᠡᠭᠡᠭᠰᠢᠯᠡᠭᠦᠯᠵᠦ᠂ ᠪᠦᠬᠦ ᠬᠡᠯᠬᠢᠶᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠵᠤ᠂ ᠡᠯ᠎ᠡ ᠲᠦᠷᠦᠯ ᠤᠨ ᠴᠢᠳᠠᠪᠤᠷᠢᠲᠠᠨ ᠤ ᠦᠰᠦᠨ ᠪᠣᠶᠢᠵᠢᠵᠤ ᠲᠦᠷᠭᠡᠨ ᠪᠣᠶᠢᠵᠢᠬᠤ ᠶᠢ ᠳᠡᠮᠵᠢᠪᠡ᠃ 3 ᠵᠢᠯ ᠭᠠᠷᠤᠢ ᠶᠢᠨ ᠲᠤᠷᠰᠢ᠂ ᠬᠤᠶᠠᠷ ᠬᠦᠷᠢᠶᠡᠯᠡᠩ ᠤᠨ ᠠᠺᠠᠳᠧᠮᠢᠴᠢ ᠰᠢᠨ᠎ᠡ ᠪᠠᠷ 5 ᠨᠡᠮᠡᠭᠳᠡᠵᠦ᠂ ᠤᠯᠤᠰ ᠤᠨ ᠳᠡᠰ ᠤᠨ ᠴᠢᠳᠠᠪᠤᠷᠢᠲᠠᠨ 318 ᠨᠡᠮᠡᠭᠳᠡᠪᠡ᠃        ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠡᠯᠧᠮᠧᠨ᠋ᠲ ᠪᠣᠯᠣᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠯᠠᠩᠭᠤᠶ᠎ᠠ ᠤᠤᠭᠠᠯ ᠡᠭᠦᠳᠦᠯᠲᠡ ᠶᠢᠨ ᠴᠢᠨᠠᠷᠲᠠᠢ᠂ ᠨᠤᠷᠠᠭᠠᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ᠃ ᠬᠠᠨ ᠵᠢᠶᠧ ᠼᠠᠢ ᠲᠥᠯᠥᠭᠡᠯᠡᠭᠴᠢ ᠲᠠᠨᠢᠯᠴᠠᠭᠤᠯᠬᠤ ᠳᠠᠭᠠᠨ᠂ 3 ᠵᠢᠯ ᠭᠠᠷᠤᠢ ᠶᠢᠨ ᠲᠤᠷᠰᠢ᠂ ᠰᠤᠷᠭᠠᠭᠤᠯᠢ ᠪᠠᠷ ᠲᠦᠷᠦᠭᠦᠯᠡᠭᠦᠯᠦᠭᠰᠡᠨ 7 ᠦᠷ᠎ᠡ ᠪᠦᠲᠦᠭᠡᠯ ᠨᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ ᠬᠦᠷᠲᠡᠵᠦ᠂ 2 ᠲᠥᠷᠥᠯ ᠵᠦᠢᠯ  ᠨᠢ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠠᠷᠪᠠᠨ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠬᠢᠴᠠ︾ ᠳᠤ ᠰᠣᠩᠭᠤᠭᠳᠠᠪᠠ᠃ ᠨᠢᠭᠡ ᠪᠦᠯᠦᠭ ᠵᠠᠩᠭᠢᠯᠠᠭ᠎ᠠ ᠶᠢᠨ ᠭᠤᠣᠯ ᠮᠡᠷᠭᠡᠵᠢᠯ ᠤᠨ ᠲᠤᠯᠭᠠᠭᠤᠷᠢᠯᠠᠯ ᠤᠨ ᠰᠠᠷᠠᠨ ᠪᠥᠮᠪᠥᠷᠴᠡᠭ ᠢ ᠬᠠᠶᠢᠬᠤ᠂ ᠭᠠᠯ ᠬᠠᠶᠢᠬᠤ᠂ ᠲᠡᠭᠷᠢ ᠶᠢᠨ ᠣᠷᠳᠣᠨ᠂ ᠳᠣᠬᠢᠭᠤᠷ ᠳᠣᠯᠣᠭᠠᠨ ᠤᠳᠤ᠂ C919᠂ ᠬᠤᠸᠠ ᠯᠦᠩ ᠨᠢᠭᠡᠳᠦᠭᠡᠷ ᠨᠣᠮᠧᠷᠲᠤ᠂ F ᠲᠡᠰ ᠤᠨ ᠬᠦᠨᠳᠦ ᠬᠡᠯᠪᠡᠷᠢ ᠶᠢᠨ ᠰᠢᠲᠠᠮᠠᠬᠠᠢ ᠬᠡᠢ ᠶᠢᠨ ᠲᠦᠷᠪᠢᠨ ᠵᠡᠷᠭᠡ ᠤᠯᠤᠰ ᠤᠨ ᠴᠢᠬᠤᠯᠠ ᠶᠡᠭᠡ ᠢᠨᠵᠧᠨᠧᠷᠢᠩ᠂ ᠵᠡᠭᠦᠨ ᠬᠤᠶᠢᠲᠤ ᠣᠷᠣᠨ ᠤ ᠠᠩᠬᠠᠳᠠᠭᠴᠢ ᠶᠡᠭᠡ ᠰᠢᠨᠵᠢᠯᠡᠬᠦ ᠤᠬᠠᠭᠠᠨ ᠤ ᠢᠨᠵᠧᠨᠧᠷᠢᠩ ᠤᠨ ︽ᠣᠷᠣᠨ ᠵᠠᠢ ᠶᠢᠨ ᠣᠷᠴᠢᠨ ᠲᠣᠭᠤᠷᠢᠨ ᠤ ᠭᠠᠵᠠᠷ ᠳᠡᠭᠡᠷᠡᠬᠢ ᠳᠠᠭᠤᠷᠢᠶᠠᠮᠠᠯ ᠲᠥᠬᠦᠭᠡᠷᠦᠮᠵᠢ︾ ᠶᠢ ᠰᠢᠯᠭᠠᠨ ᠬᠤᠷᠢᠶᠠᠵᠤ ᠳᠠᠭᠤᠰᠬᠠᠪᠠ᠃        ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠴᠠᠭ ᠲᠤᠬᠠᠢ ᠳᠤᠨᠢ ᠪᠣᠳᠠᠲᠠᠢ ᠠᠵᠤ ᠦᠢᠯᠡᠰ ᠪᠠ ᠠᠵᠤ ᠦᠢᠯᠡᠰ ᠤᠨ ᠬᠡᠯᠬᠢᠶ᠎ᠡ ᠳᠡᠭᠡᠷ᠎ᠡ ᠬᠡᠷᠡᠭᠯᠡᠬᠦ ᠪᠣᠯ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠦᠢᠯᠡᠳᠦᠯᠭᠡ ᠶᠢᠨ ᠠᠷᠭ᠎ᠠ ᠵᠠᠮ ᠮᠥᠨ᠃ ᠬᠠᠨ ᠵᠢᠶᠧ ᠼᠠᠢ ᠲᠥᠯᠥᠭᠡᠯᠡᠭᠴᠢ ᠶᠢᠨ ᠲᠠᠨᠢᠯᠴᠠᠭᠤᠯᠤᠭᠰᠠᠨ ᠢᠶᠠᠷ᠂ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ 2022 ᠣᠨ ᠤ ᠳᠤᠮᠳᠠᠳᠤ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠠᠰᠢᠭ ᠤᠨ ᠰᠢᠯᠵᠢᠭᠦᠯᠦᠨ ᠥᠭᠬᠦ ᠨᠡᠷᠡᠰ ᠤᠨ ᠵᠢᠭᠰᠠᠭᠠᠯᠲᠠ ᠳᠤ 1755 ᠬᠤᠪᠢ ᠪᠦᠬᠦ ᠤᠯᠤᠰ ᠤᠨ ᠳᠥᠷᠪᠡᠳᠦᠭᠡᠷ ᠲᠤ ᠣᠷᠣᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠤᠷᠭᠠᠭᠤᠯᠢ 115 ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢ ᠨᠡᠪᠴᠢᠭᠦᠯᠦᠨ ᠪᠠᠶᠢᠭᠤᠯᠵᠤ᠂ 4 ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠪᠣᠶᠢᠵᠢᠭᠤᠯᠵᠤ᠂ ᠲᠦᠷᠦᠭᠦᠯᠡᠨ ᠬᠢᠭᠰᠡᠨ ᠰᠠᠨᠰᠠᠷ ᠤᠨ ᠠᠶᠠᠯᠠᠯ ᠤᠨ ᠳᠡᠭᠡᠳᠦ ᠲᠠᠰ ᠤᠨ ᠲᠣᠨᠤᠭ ᠲᠥᠬᠦᠭᠡᠷᠦᠮᠵᠢ ᠶᠢᠨ ᠢᠷᠡᠭᠡᠳᠦᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠢ ᠪᠥᠬᠦ ᠤᠯᠤᠰ ᠤᠨ ᠠᠩᠬᠠᠳᠠᠭᠴᠢ ᠪᠦᠯᠦᠭ ᠢᠷᠡᠭᠡᠳᠦᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠡᠭ ᠤᠨ ᠨᠢᠭᠡ ᠪᠣᠯᠭᠠᠪᠠ᠃        ᠬᠠᠨ ᠵᠢᠶᠧ ᠼᠠᠢ ᠲᠥᠯᠥᠭᠡᠯᠡᠭᠴᠢ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠠᠪᠲᠠᠨ ᠪᠣᠯᠪᠠᠰᠤᠷᠠᠭᠤᠯᠬᠤ ᠪᠣᠯ ᠬᠥᠭᠵᠢᠯᠲᠡ ᠶᠢᠨ ᠣᠶᠢᠯᠠᠭᠠᠭᠳᠠᠬᠤᠨ᠂ ᠬᠥᠭᠵᠢᠯᠲᠡ ᠶᠢᠨ ᠰᠡᠳᠬᠢᠬᠦᠢ᠂ ᠬᠥᠭᠵᠢᠯᠲᠡ ᠶᠢᠨ ᠠᠷᠭ᠎ᠠ ᠬᠡᠯᠪᠡᠷᠢ᠂ ᠬᠥᠭᠵᠢᠯᠲᠡ ᠶᠢᠨ ᠠᠷᠭ᠎ᠠ ᠪᠠᠷᠢᠯ ᠤᠨ ᠰᠢᠰᠲ᠋ᠧᠮ ᠲᠠᠢ ᠭᠦᠨᠵᠡᠭᠡᠢ ᠬᠤᠪᠢᠰᠤᠯᠲᠠ ᠪᠣᠯᠣᠨ᠎ᠠ᠃ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠦᠨᠳᠦᠰᠦᠨ ᠪᠠᠶᠢᠳᠠᠯ ᠢᠶᠠᠨ ᠬᠤᠪᠢᠷᠠᠭᠤᠯᠬᠤ ᠦᠭᠡᠢ᠂ ᠬᠤᠷᠴᠠ ᠰᠢᠷᠦᠭᠦᠨ ᠵᠣᠷᠢᠭ ᠢᠶᠠᠷ ᠴᠠᠭ ᠦᠶ᠎ᠡ ᠶᠢᠨ ᠬᠥᠭᠵᠢᠯᠲᠡ ᠶᠢᠨ ᠡᠮᠦᠨ᠎ᠡ ᠡᠩᠨᠡᠭᠡᠨ ᠳᠤ ᠶᠠᠪᠤᠵᠤ᠂ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠶᠢᠨ ᠬᠡᠪ ᠤᠨ ᠵᠤᠷᠰᠢᠯ ᠠᠴᠠ ᠳᠠᠪᠠᠭᠰᠠᠨ ᠬᠥᠭᠵᠢᠯᠲᠡ ᠶᠢᠨ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ ᠲᠠᠰᠤᠷᠠᠯᠲᠠ ᠦᠭᠡᠢ ᠰᠢᠨ᠎ᠡ ᠵᠠᠮ ᠨᠡᠭᠡᠭᠡᠵᠦ᠂ ᠰᠢᠨ᠎ᠡ ᠭᠠᠪᠢᠶ᠎ᠠ ᠪᠠᠶᠢᠭᠤᠯᠬᠤ ᠪᠣᠯᠣᠨ᠎ᠠ᠃
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号