ᠰᠢᠨᠵᠢᠯᠡᠬᠦ ᠤᠬᠠᠭᠠᠨ ᠤ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ
ᠨᠡᠶᠢᠲᠡᠯᠡᠭᠰᠡᠨ ᠴᠠᠭ᠄
2024/3/11
        ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠠᠬᠢᠭᠤᠯᠬᠤ︾ ᠶᠢ ᠲᠦᠷᠭᠡᠳᠬᠡᠨ ᠠᠬᠢᠭᠤᠯᠵᠤ᠂ ︽ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ ᠶᠢ ᠤᠶᠠᠯᠳᠤᠭᠤᠯᠬᠤ ᠶᠢ ᠭᠦᠨᠵᠡᠭᠡᠶᠢᠷᠡᠭᠦᠯᠵᠦ᠂ ᠪᠣᠳᠠᠲᠤ ᠬᠦᠴᠦᠨ ᠲᠠᠢ ᠠᠵᠤ ᠠᠬᠤᠶᠢᠯᠠᠯ ᠤᠨ ᠲᠦᠷᠦᠭᠦᠯᠡᠨ ᠪᠣᠭᠤᠮᠲᠠ ᠰᠢᠪᠲᠤᠯᠬᠤ ᠡᠭᠦᠷᠭᠡ ᠶᠢ ᠳᠡᠮᠵᠢᠬᠦ︾ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ ᠳᠤ ᠪᠢ ᠭᠦᠨ ᠲᠥᠷᠥᠭᠳᠡᠯ ᠲᠠᠢ ᠪᠠᠶᠢᠨ᠎ᠠ᠃        ᠪᠢ ᠪᠣᠯ ᠪᠠᠯ ᠴᠢᠯᠠᠭᠤᠨ ᠠᠯᠺᠧᠨ ᠮᠠᠲ᠋ᠧᠷᠢᠶᠠᠯ ᠬᠢᠳᠡᠭ᠂ ᠤᠤᠯ ᠨᠢ ᠳᠡᠭᠡᠳᠦ ᠰᠤᠷᠭᠠᠭᠤᠯᠢ ᠳᠤ ᠡᠨᠡ ᠲᠠᠯ᠎ᠠ ᠶᠢᠨ ᠰᠤᠳᠤᠯᠭᠠᠨ ᠬᠢᠨ᠎ᠡ᠃ ᠡᠨᠡ ᠬᠡᠳᠦᠨ ᠵᠢᠯ ᠳᠤ᠂ ᠪᠠᠯ ᠴᠢᠯᠠᠭᠤᠨ ᠠᠯᠺᠧᠨ ᠤ ᠮᠡᠷᠭᠡᠵᠢᠯ ᠤᠨ ᠢᠨᠵᠧᠨᠧᠷᠢᠩᠵᠢᠯᠲᠡ ᠪᠠ ᠠᠵᠤ ᠦᠶᠢᠯᠡᠰᠵᠢᠯᠲᠡ ᠶᠢᠨ ᠠᠵᠢᠯ ᠤᠨ ᠳᠠᠷᠠᠭ᠎ᠠ᠂ ᠪᠢ ᠨᠢᠭᠡᠨ ᠣᠶᠢᠯᠠᠭᠠᠯᠲᠠ - ᠲᠤᠷᠰᠢᠯᠲᠠ ᠶᠢᠨ ᠲᠠᠰᠤᠭ ᠤᠨ ᠦᠷ᠎ᠡ ᠪᠦᠲᠦᠭᠡᠯ ᠲᠠᠢ᠂ ᠠᠵᠤ ᠦᠢᠯᠡᠰ ᠤᠨ ᠰᠠᠭᠤᠷᠢᠰᠢᠯ ᠠᠴᠠ ᠪᠠᠰᠠ ᠨᠢᠭᠡ ᠬᠡᠰᠡᠭ ᠵᠠᠢ ᠲᠤᠲᠠᠭᠳᠠᠵᠤ ᠪᠠᠶᠢᠨ᠎ᠠ᠃        ᠭᠠᠭᠴᠠ ᠮᠢᠨᠤ ᠪᠢᠰᠢ᠂ ᠡᠨᠡ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠲᠤᠯᠭᠠᠷᠠᠵᠤ ᠪᠠᠶᠢᠭ᠎ᠠ ᠪᠠᠶᠢᠳᠠᠯ ᠪᠣᠯᠣᠨ᠎ᠠ᠃ ᠲᠤᠷᠰᠢᠯᠲᠠ ᠶᠢᠨ ᠲᠠᠰᠤᠭ ᠲᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠤᠨ ᠨᠠᠶᠢᠳᠠᠪᠤᠷᠢᠵᠢᠭᠤᠯᠵᠤ᠂ ᠪᠠᠰᠠ ᠦᠷᠭᠦᠯᠵᠢᠯᠡᠨ ᠤᠷᠤᠭᠰᠢᠯᠠᠬᠤ ᠬᠡᠷᠡᠭᠲᠡᠢ - ᠪᠣᠯᠣᠮᠵᠢᠲᠤ ᠰᠢᠯᠭᠠᠨ ᠪᠠᠶᠢᠴᠠᠭᠠᠯᠲᠠ ᠬᠢᠵᠦ᠂ ᠬᠡᠪᠴᠢᠶᠡᠵᠢᠯᠲᠡ᠂ ᠢᠨᠵᠧᠨᠧᠷᠢᠩᠵᠢᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠬᠠᠮᠤᠭ ᠡᠴᠦᠰ ᠲᠤ ᠠᠵᠤ ᠦᠢᠯᠡᠰ ᠤᠨ ᠨᠠᠶᠢᠳᠠᠪᠤᠷᠢᠵᠢᠭᠤᠯᠤᠯᠲᠠ ᠶᠢ ᠪᠡᠶᠡᠯᠡᠭᠦᠯᠬᠦ ᠬᠡᠷᠡᠭᠲᠡᠢ᠃ ᠬᠠᠷᠢᠨ ᠡᠨᠡᠬᠦ ᠭᠤᠭᠴᠤᠭ᠎ᠠ ᠨᠢ ᠬᠠᠮᠤᠭ ᠤᠨ ᠪᠠᠭᠤᠷᠠᠢ ᠪᠠᠶᠢᠨ᠎ᠠ᠃        ᠪᠡᠭᠡᠵᠢᠩ ᠤᠨ ᠪᠠᠯ ᠴᠢᠯᠠᠭᠤᠨ ᠠᠯᠺᠧᠨ ᠰᠤᠳᠤᠯᠭᠠᠨ ᠤ ᠬᠦᠷᠢᠶᠡᠯᠡᠩ ᠪᠣᠯ ᠣᠶᠢᠷ᠎ᠠ ᠶᠢᠨ ᠵᠢᠯ ᠳᠤ ᠪᠠᠶᠢᠭᠤᠯᠤᠭᠰᠠᠨ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠣᠯᠣᠨ᠎ᠠ᠃ ᠪᠢᠳᠡ ᠬᠠᠮᠢᠶ᠎ᠠ ᠪᠦᠬᠦᠢ ᠠᠵᠤ ᠠᠬᠤᠶᠢᠯᠠᠯ ᠲᠠᠢ ︽ᠨᠢᠭᠡ ᠳᠤ ᠨᠢᠭᠡ ᠶᠢ ᠨᠡᠪᠴᠢᠭᠦᠯᠬᠦ︾ ᠲᠣᠭᠲᠠᠴᠠ ᠶᠢ ᠪᠠᠶᠢᠭᠤᠯᠬᠤ ᠶᠢᠨ ᠬᠠᠮᠲᠤ ᠪᠡᠭᠡᠵᠢᠩ ᠶᠡᠭᠡ ᠰᠤᠷᠭᠠᠭᠤᠯᠢ ᠶᠢᠨ ᠪᠠᠯ ᠴᠢᠯᠠᠭᠤᠨ ᠠᠯᠺᠧᠨ ᠤ ᠠᠵᠤ ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠲᠠᠢ ︽ᠭᠤᠷᠪᠠ ᠶᠢ ᠨᠢᠭᠡ ᠴᠣᠭᠴᠠᠵᠢᠭᠤᠯᠬᠤ︾ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠵᠢᠯᠴᠠᠨ ᠰᠢᠨ᠎ᠡ ᠶᠢ ᠡᠭᠦᠳᠬᠦ ᠲᠣᠭᠲᠠᠴᠠ ᠶᠢ ᠪᠦᠷᠢᠯᠳᠦᠭᠦᠯᠪᠡ᠃ ᠡᠶᠢᠮᠦᠷᠬᠦ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠡᠷᠡᠭᠯᠡᠬᠦ ᠶᠢ ᠤᠶᠠᠯᠳᠤᠭᠤᠯᠤᠭᠰᠠᠨ ᠲᠣᠭᠲᠠᠴᠠ ᠶᠢᠨ ᠳᠣᠣᠷ᠎ᠠ᠂ ᠪᠢᠳᠡ ᠰᠠᠭᠤᠷᠢ ᠰᠤᠳᠤᠯᠭᠠᠨ᠂ ᠬᠡᠪᠴᠢᠶᠡᠵᠢᠭᠦᠯᠦᠭᠰᠡᠨ ᠡᠵᠡᠮᠳᠡᠯ ᠠᠴᠠ ᠠᠵᠤ ᠦᠢᠯᠡᠰ ᠢ ᠰᠠᠭᠤᠷᠢᠰᠢᠭᠤᠯᠬᠤ ᠲᠦᠷᠭᠡᠨ ᠬᠥᠭᠵᠢᠯᠲᠡ ᠶᠢ ᠪᠡᠶᠡᠯᠡᠭᠦᠯᠵᠦ᠂ ᠵᠠᠷᠢᠮ ᠦᠷ᠎ᠡ ᠪᠦᠲᠦᠭᠡᠯ ᠢ ᠭᠠᠵᠠᠷ ᠳᠣᠣᠷᠠᠬᠢ ᠲᠡᠮᠦᠷ ᠵᠠᠮ᠂ ᠳᠠᠭᠠᠭᠤᠯᠢ ᠣᠳᠣ ᠵᠡᠷᠭᠡ ᠬᠦᠷᠢᠶᠡᠨ ᠳᠤ ᠬᠡᠷᠡᠭᠯᠡᠵᠡᠢ᠃        ᠣᠶᠢᠷ᠎ᠠ ᠶᠢᠨ ᠵᠢᠯ ᠠᠴᠠ᠂︽ᠪᠣᠭᠤᠮᠢ︾ ᠠᠰᠠᠭᠤᠳᠠᠯ ᠢ ᠣᠯᠠᠨ ᠠᠩᠬᠠᠷᠴᠤ᠃ ︽ᠬᠠᠪᠴᠢᠭᠤᠷ ᠬᠦᠵᠦᠭᠦᠦ︾ ᠶᠢᠨ ᠦᠨᠳᠦᠰᠦ ᠨᠢ ᠴᠣᠬᠤᠮ ᠬᠠᠮᠢᠭ᠎ᠠ ᠪᠠᠶᠢᠬᠤ ᠪᠤᠢ? ᠥᠪᠡᠷ ᠤᠨ ᠦᠢᠯᠡᠳᠦᠯᠭᠡ ᠶᠢᠨ ᠰᠦᠪᠡᠭᠴᠢᠯᠡᠯᠲᠡ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠠᠬᠢ ᠪᠠᠶᠢᠴᠠᠭᠠᠨ ᠰᠤᠳᠤᠯᠤᠯᠲᠠ ᠯᠤᠭ᠎ᠠ ᠤᠶᠠᠯᠳᠤᠭᠤᠯᠤᠨ᠂ ᠪᠢ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠮᠵᠢᠯᠴᠠᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢᠨ ᠲᠤᠬᠠᠢ ᠰᠠᠨᠠᠯ ᠳᠤᠷᠠᠳᠪᠠ᠃ ᠮᠢᠨᠤ ᠦᠵᠡᠬᠦ ᠪᠠᠷ᠂ ᠪᠢᠳᠡ ᠮᠡᠷᠭᠡᠵᠢᠯ ᠤᠨ ᠲᠠᠯ᠎ᠠ ᠶᠢᠨ ᠪᠣᠳᠣᠯᠬᠢᠯᠠᠯ ᠳᠤ ᠬᠢᠵᠠᠭᠠᠷᠯᠠᠭᠳᠠᠵᠤ ᠪᠣᠯᠬᠤ ᠦᠭᠡᠢ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢᠨ ᠬᠠᠮᠵᠢᠯᠴᠠᠨ ᠰᠢᠨ᠎ᠡ ᠶᠢ ᠡᠭᠦᠳᠬᠦ ᠲᠣᠭᠲᠠᠴᠠ᠂ ᠬᠥᠷᠥᠰᠥ ᠰᠢᠷᠣᠢ᠂ ᠴᠢᠳᠠᠪᠤᠷᠢᠲᠠᠨ ᠢ ᠦᠨᠡᠯᠡᠬᠦ ᠲᠣᠭᠲᠠᠴᠠ ᠵᠡᠷᠭᠡ ᠠᠰᠠᠭᠤᠳᠠᠯ ᠢ ᠭᠦᠨᠵᠡᠭᠡᠢ ᠰᠤᠳᠤᠯᠬᠤ ᠬᠡᠷᠡᠭᠲᠡᠢ᠃        ᠮᠢᠨᠤ ᠰᠠᠨᠠᠭᠤᠯᠤᠭᠰᠠᠨ ᠨᠢ᠂ ᠤᠯᠤᠰ ᠤᠨ ᠲᠤᠷᠰᠢᠯᠲᠠ ᠶᠢᠨ ᠲᠠᠰᠤᠭ᠂ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠮᠠᠰᠢ ᠤᠯᠠᠨ ᠰᠤᠳᠤᠯᠤᠨ ᠨᠡᠭᠡᠭᠡᠬᠦ ᠲᠠᠪᠴᠠᠩ ᠢ ᠪᠠᠶᠢᠭᠤᠯᠤᠭᠰᠠᠨ ᠰᠠᠭᠤᠷᠢᠨ ᠳᠡᠭᠡᠷ᠎ᠡ᠂ ᠪᠠᠶᠢᠭᠤᠯᠤᠮᠵᠢ ᠲᠣᠭᠲᠠᠴᠠ ᠶᠢᠨ ᠵᠢᠷᠤᠭ ᠲᠥᠯᠥᠪᠯᠡᠭᠡ ᠶᠢᠨ ᠲᠠᠯ᠎ᠠ ᠪᠠᠷ ᠠᠵᠤ ᠦᠢᠯᠡᠰ ᠤᠨ ᠨᠠᠶᠢᠳᠠᠪᠤᠷᠢᠵᠢᠭᠤᠯᠤᠯᠲᠠ ᠶᠢᠨ ᠭᠤᠭᠴᠤᠭ᠎ᠠ ᠶᠢ ᠭᠤᠣᠯᠳᠠᠯᠭ᠎ᠠ ᠲᠠᠢ ᠪᠠᠶᠢᠷᠢᠯᠠᠭᠤᠯᠬᠤ ᠬᠡᠷᠡᠭᠲᠡᠢ᠃ ᠡᠨᠡ ᠪᠣᠯ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ ᠤᠨ ᠦᠷ᠎ᠡ ᠪᠦᠲᠦᠭᠡᠯ ᠢ ᠵᠠᠬ᠎ᠠ ᠳᠡᠯᠭᠡᠭᠦᠷ ᠲᠤ ᠣᠷᠣᠭᠤᠯᠬᠤ ᠶᠢᠨ ᠵᠠᠩᠭᠢᠯᠠᠭ᠎ᠠ ᠪᠣᠯᠣᠨ᠎ᠠ᠃ ᠤᠯᠤᠰ ᠤᠨ ᠲᠤᠷᠰᠢᠯᠲᠠ ᠶᠢᠨ ᠲᠠᠰᠤᠭ ᠢᠶᠠᠷ ᠵᠢᠱᠢᠶᠡᠯᠡᠪᠡᠯ᠂ ︽ᠨᠢᠭᠡ ᠳᠤ ᠨᠢᠭᠡ ᠶᠢ ᠨᠡᠪᠴᠢᠭᠦᠯᠬᠦ︾ ᠲᠠᠢ ᠠᠳᠠᠯᠢᠪᠲᠤᠷ ᠠᠵᠤ ᠠᠬᠤᠶᠢᠯᠠᠯ ᠤᠨ ᠪᠣᠭᠤᠳᠠᠯᠯᠠᠬᠤ ᠲᠣᠭᠲᠠᠴᠠ ᠶᠢ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠳᠤ ᠲᠦᠰᠢᠭᠯᠡᠨ ᠡᠴᠦᠰ ᠲᠡᠭᠡᠨ ᠠᠵᠤ ᠦᠢᠯᠡᠰ ᠢ ᠪᠣᠳᠠᠲᠠᠶᠢᠵᠢᠭᠤᠯᠵᠤ ᠪᠣᠯᠣᠨ᠎ᠠ᠃        ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢᠨ ᠬᠠᠮᠵᠢᠯᠴᠠᠨ ᠰᠢᠨ᠎ᠡ ᠶᠢ ᠡᠭᠦᠳᠬᠦ ᠳᠤ ᠬᠤᠶᠠᠷ ᠵᠦᠢᠯ ᠤᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠲᠠᠢ᠄ ᠨᠢᠭᠡ ᠵᠦᠢᠯ ᠨᠢ ᠥᠪᠡᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠢᠨᠵᠧᠨᠧᠷ ᠪᠣᠯᠣᠨ ᠠᠵᠤ ᠠᠬᠤᠶᠢᠯᠠᠯᠲᠠᠨ ᠤ ᠠᠰᠢᠭ ᠲᠤᠰᠠ ᠶᠢᠨ ᠲᠠᠩ ᠴᠤᠯᠭᠤᠢ ᠭᠤᠣᠯ ᠴᠣᠭᠴᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠵᠠᠭᠪᠤᠷ ᠲᠠᠢ ᠶᠤᠮ︔ ᠨᠦᠭᠦᠭᠡ ᠵᠦᠢᠯ ᠨᠢ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠤᠯᠠᠨ ᠠᠰᠢᠭ ᠲᠤᠰᠠ ᠶᠢᠨ ᠭᠤᠣᠯ ᠴᠣᠭᠴᠠ ᠠᠴᠠ ᠪᠦᠷᠢᠯᠳᠦᠭᠰᠡᠨ ᠰᠢᠨ᠎ᠡ ᠶᠢ ᠡᠭᠦᠳᠬᠦ ᠲᠠᠪᠴᠠᠩ ᠤᠨ ᠵᠠᠭᠪᠤᠷ ᠪᠣᠯᠣᠨ᠎ᠠ᠃ ᠠᠵᠤ ᠠᠬᠤᠶᠢᠯᠠᠯ ᠪᠣᠯ ︽ᠨᠢᠭᠡ ᠮᠠᠰᠢᠨ ᠤ ᠡᠷᠭᠢᠯᠲᠡ︾ ᠶᠢᠨ ᠵᠠᠭᠪᠤᠷ ᠮᠥᠨ᠂ ᠬᠠᠷᠢᠨ ᠰᠢᠨ᠎ᠡ ᠶᠢ ᠡᠭᠦᠳᠬᠦ ᠲᠠᠪᠴᠠᠩ ᠪᠣᠯ ︽ᠤᠯᠠᠨ ᠮᠠᠰᠢᠨ ᠢ ᠵᠣᠬᠢᠴᠠᠭᠤᠯᠤᠨ ᠠᠵᠢᠯᠯᠠᠭᠤᠯᠬᠤ︾ ᠵᠠᠭᠪᠤᠷ ᠮᠥᠨ᠂ ᠠᠵᠢᠯᠯᠠᠭᠠᠨ ᠤ ᠬᠦᠴᠢᠷᠳᠡᠯ ᠪᠠ ᠦᠷ᠎ᠡ ᠪᠦᠲᠦᠮᠵᠢ ᠨᠢ ᠪᠦᠷᠢᠮᠦᠰᠦᠨ ᠠᠳᠠᠯᠢ ᠦᠭᠡᠢ ᠪᠠᠶᠢᠳᠠᠭ᠃ ᠪᠢᠳᠡ ᠰᠢᠨ᠎ᠡ ᠶᠢ ᠡᠭᠦᠳᠬᠦ ᠴᠢᠳᠠᠪᠤᠷᠢ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠦᠬᠦᠢ ᠨᠡᠩ ᠣᠯᠠᠨ ᠭᠤᠣᠯᠯᠠᠬᠤ ᠠᠵᠤ ᠠᠬᠤᠶᠢᠯᠠᠯ ᠢ ᠪᠣᠶᠢᠵᠢᠭᠤᠯᠬᠤ ᠬᠡᠷᠡᠭᠲᠡᠢ᠃        ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢ ᠦᠷᠭᠦᠯᠵᠢᠯᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠡᠩᠭᠡᠷᠭᠡ ᠪᠣᠯᠣᠨ ᠬᠦᠰᠡᠯ ᠡᠷᠡᠮᠡᠯᠵᠡᠯ ᠢᠶᠠᠷ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠨᠡᠩ ᠴᠢᠬᠤᠯᠠᠴᠢᠯᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠬᠤ ᠳᠤ ᠨᠡᠩ ᠰᠠᠶᠢᠲᠤᠷ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号