ᠯᠠᠨ ᠵᠧᠨ ᠭᠡᠰᠢᠭᠦᠨ᠄ ᠬᠥᠳᠡᠭᠡ ᠲᠣᠰᠬᠤᠨ ᠤ ᠪᠠᠭᠰᠢ ᠶᠢᠨ ᠪᠣᠯᠪᠠᠰᠤᠷᠠᠯ ᠤᠨ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠨ᠎ᠡ
ᠨᠡᠶᠢᠲᠡᠯᠡᠭᠰᠡᠨ ᠴᠠᠭ᠄
2024/3/11
        ᠰᠤᠷᠭᠠᠨ ᠬᠥᠮᠦᠵᠢᠯ ᠦᠨ ᠦᠷ᠎ᠡ ᠶᠢ ᠬᠥᠳᠡᠭᠡ ᠲᠣᠰᠭᠤᠨ ᠤ ᠥᠨᠴᠥᠭ ᠪᠤᠯᠤᠩ ᠪᠦᠷᠢ ᠳᠤ ᠰᠠᠴᠤᠵᠤ᠂ ᠨᠢᠭᠡ ᠪᠦᠯᠦᠭ ᠬᠥᠳᠡᠭᠡ ᠲᠣᠰᠭᠤᠨ ᠤ ᠰᠢᠯᠢᠳᠡᠭ  ᠪᠠᠭᠰᠢ ᠶᠢ ᠬᠥᠮᠥᠵᠢᠭᠦᠯᠬᠦ ᠪᠣᠯ ᠹᠦᠵᠢᠶᠠᠨ ᠮᠤᠵᠢ ᠶᠢᠨ ᠵᠠᠨ ᠵᠧᠦ ᠬᠤᠲᠠ ᠶᠢᠨ  ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠯᠠᠨ ᠵᠧᠨ  ᠭᠡᠰᠢᠭᠦᠨ ᠤ ᠰᠡᠳᠬᠢᠯ ᠦᠨ ᠰᠠᠭᠤᠷᠢ ᠶᠢᠨ ᠬᠠᠷᠠᠯᠲᠠ ᠪᠣᠯᠣᠨ᠎ᠠ᠃ ᠲᠡᠷᠡ ᠰᠤᠷᠭᠠᠨ ᠬᠥᠮᠦᠵᠢᠯ ᠢ ᠬᠥᠳᠡᠭᠡ ᠳᠤᠰᠬᠤᠨ ᠳᠤ ᠨᠡᠶᠢᠳᠡ 100 ᠭᠠᠷᠤᠢ ᠤᠳᠠᠭ᠎ᠠ ᠬᠦᠷᠭᠡᠵᠦ᠂ ︽ᠬᠥᠳᠡᠭᠡ ᠳᠤᠰᠬᠤᠨ ᠤ ᠰᠢᠯᠭᠠᠷᠠᠭᠰᠠᠨ ᠪᠠᠭᠰᠢ︾ ᠶᠢᠨ ᠪᠣᠯᠪᠠᠰᠤᠷᠠᠯ ᠤᠨ ᠠᠩᠭᠢ ᠶᠢ 20 ᠭᠠᠷᠤᠢ ᠬᠤᠭᠤᠴᠠᠭ᠎ᠠ ᠡᠷᠬᠢᠯᠡᠵᠤ᠂ ᠬᠥᠳᠡᠭᠡ ᠳᠤᠰᠬᠤᠨ ᠤ ᠮᠢᠩᠭ᠎ᠠ ᠰᠢᠬᠠᠮ ᠪᠠᠭᠰᠢ ᠶᠢ ᠬᠥᠮᠥᠵᠢᠭᠦᠯᠵᠡᠢ᠃ ︽ᠬᠥᠳᠡᠭᠡ ᠲᠣᠰᠬᠤᠨ ᠤ ᠪᠠᠭᠰᠢ ᠪᠣᠯ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠬᠤᠯᠠ ᠠᠬᠢᠭᠤᠯᠬᠤ ᠬᠦᠴᠦᠨ ᠪᠣᠯᠣᠨ᠎ᠠ᠃ ᠲᠡᠳᠡᠨ ᠢ ᠦᠨᠡᠨ ᠬᠦ ᠬᠦᠴᠦᠷᠬᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠰᠠᠶ᠋ᠢ ᠨᠡᠩ ᠴᠢᠨᠠᠷ ᠰᠠᠶᠢᠲᠠᠢ ᠲᠡᠩᠴᠡᠭᠦᠷᠢᠲᠡᠢ ᠴᠢᠨᠠᠷ ᠰᠠᠶᠢᠲᠠᠢ ᠬᠥᠭᠵᠢᠯᠲᠡ ᠶᠢᠨ ᠵᠠᠮ ᠲᠡᠶᠢᠰᠢ ᠤᠷᠤᠭᠰᠢᠯᠠᠵᠤ ᠴᠢᠳᠠᠨ᠎ᠠ︾ ᠭᠡᠵᠦ ᠬᠡᠯᠡᠪᠡ᠃ ᠯᠠᠨ ᠵᠧᠨ ᠭᠡᠰᠢᠭᠦᠨ ᠭᠦᠨ ᠰᠡᠳᠬᠢᠯᠭᠡ ᠪᠠᠷ ᠬᠡᠯᠡᠪᠡ᠃        ᠥᠩᠭᠡᠷᠡᠭᠰᠡᠨ ᠨᠢᠭᠡ ᠵᠢᠯ ᠳᠤ᠂ ᠯᠠᠨ ᠵᠧᠨ ᠭᠡᠰᠢᠭᠦᠨ ᠬᠥᠳᠡᠭᠡ ᠲᠣᠰᠬᠤᠨ ᠤ ᠰᠤᠷᠭᠠᠭᠤᠯᠢ 30 30ᠭᠠᠷᠤᠢ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ 1500 ᠭᠠᠷᠤᠢ ᠬᠤᠪᠢ ᠬᠤᠷᠢᠶᠠᠨ ᠠᠪᠴᠤ᠂ ᠭᠦᠢᠴᠡᠳ ᠪᠠᠶᠢᠴᠠᠭᠠᠨ ᠰᠤᠳᠤᠯᠤᠯᠲᠠ ᠬᠢᠭᠰᠡᠨ ᠠᠴᠠ ᠲᠡᠭᠦᠨ ᠳᠤ ᠪᠢᠴᠢᠯ ᠠᠰᠠᠭᠤᠳᠠᠯ ᠤᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠪᠠ᠃ ᠯᠠᠨ ᠵᠧᠨ ᠭᠡᠰᠢᠭᠦᠨ ᠵᠢᠭᠠᠵᠤ ᠭᠠᠷᠭᠠᠭᠰᠠᠨ ᠨᠢ᠄ ︽ᠣᠳᠣᠬᠠᠨ ᠳᠤ᠂ ᠣᠯᠠᠩᠬᠢ ᠬᠥᠳᠡᠭᠡ ᠲᠣᠰᠬᠤᠨ ᠤ ᠪᠠᠭᠰᠢ ᠪᠣᠯᠪᠠᠰᠤᠷᠠᠭᠤᠯᠤᠯ ᠤᠨ ᠲᠣᠬᠢᠶᠠᠯ ᠴᠥᠭᠡᠨ᠂ ᠬᠡᠪ ᠵᠠᠭᠪᠤᠷ ᠲᠣᠭᠲᠠᠪᠤᠷᠢᠵᠢᠭᠰᠠᠨ ᠵᠡᠷᠭᠡ ᠠᠰᠠᠭᠤᠳᠠᠯ ᠣᠷᠣᠰᠢᠵᠤ᠂ ᠬᠥᠳᠡᠭᠡ ᠲᠣᠰᠬᠤᠨ ᠤ ᠪᠠᠭᠤᠷᠠᠢ ᠰᠤᠷᠭᠠᠭᠤᠯᠢ ᠶᠢᠨ ᠪᠦᠲᠦᠴᠡ ᠶᠢᠨ ᠴᠢᠨᠠᠷᠲᠠᠢ ᠣᠷᠣᠨ ᠲᠤᠭ᠎ᠠ ᠳᠤᠲᠠᠭᠳᠠᠵᠤ ᠪᠠᠶᠢᠭ᠎ᠠ ᠪᠠᠶᠢᠳᠠᠯ ᠨᠡᠯᠢᠶᠡᠳ ᠬᠦᠨᠳᠦ ᠨᠣᠴᠢᠲᠠᠢ ᠪᠠᠶᠢᠵᠤ᠂ ᠳᠤᠲᠠᠭᠳᠠᠵᠤ ᠪᠠᠶᠢᠭ᠎ᠠ ᠰᠢᠨᠵᠢᠯᠡᠭᠡᠨ ᠤ ᠪᠠᠭᠰᠢ ᠶᠢᠨ ᠲᠣᠬᠢᠷᠠᠭᠤᠯᠤᠯᠲᠠ ᠶᠢᠨ ᠠᠰᠠᠭᠤᠳᠠᠯ ᠢ ᠪᠠᠴᠢᠮ ᠰᠢᠢᠳᠪᠦᠷᠢᠯᠡᠬᠦ ᠬᠡᠷᠡᠭᠲᠡᠢ︾ ᠭᠡᠵᠡᠢ᠃        ᠡᠨᠡ ᠵᠢᠯ ᠪᠥᠬᠦ ᠤᠯᠤᠰ ᠤᠨ ᠬᠤᠶᠠᠷ ᠬᠤᠷᠠᠯ ᠳᠡᠭᠡᠷ᠎ᠡ ᠯᠠᠨ ᠵᠧᠨ ᠭᠡᠰᠢᠭᠦᠨ ᠬᠥᠳᠡᠭᠡ ᠲᠣᠰᠭᠤᠨ ᠤ  ᠪᠠᠭᠰᠢ ᠶᠢᠨ ᠪᠣᠯᠪᠠᠰᠤᠷᠠᠯ ᠤᠨ ᠬᠡᠷᠡᠭᠴᠡᠭᠡ ᠶᠢᠨ ᠲᠤᠬᠠᠢ ᠨᠢᠭᠡ ᠰᠠᠨᠠᠯ ᠵᠥᠪᠯᠡᠯᠭᠡ ᠠᠪᠴᠠᠢ᠃ ᠲᠡᠷᠡ᠂ ᠬᠥᠳᠡᠭᠡ ᠲᠤᠰᠬᠤᠨ ᠤ ᠪᠠᠭᠰᠢ ᠶᠢᠨ ᠪᠣᠯᠪᠠᠰᠤᠷᠠᠯ ᠤᠨ ᠰᠠᠭᠠᠳ ᠦᠭᠡᠢ ᠵᠠᠮ ᠢ ᠠᠯᠢ ᠲᠦᠷᠭᠡᠨ ᠢᠶᠠᠷ ᠨᠡᠭᠡᠭᠡᠵᠦ᠂ ᠲᠤᠲᠠᠭᠳᠠᠵᠤ ᠪᠠᠶᠢᠭ᠎ᠠ ᠰᠤᠷᠭᠠᠨ ᠬᠥᠮᠦᠵᠢᠯ ᠤᠨ ᠴᠢᠳᠠᠪᠤᠷᠢᠲᠠᠨ ᠤ ᠣᠷᠣᠨ ᠪᠦᠰᠡ ᠶᠢᠨ ᠭᠦᠢᠯᠭᠡᠭᠡ ᠶᠢ ᠠᠬᠢᠭᠤᠯᠵᠤ᠂ ᠬᠥᠳᠡᠭᠡ ᠲᠤᠰᠬᠤᠨ ᠤ ᠰᠤᠷᠭᠠᠨ ᠬᠥᠮᠦᠵᠢᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ᠂ ᠰᠢᠨ᠎ᠡ ᠬᠥᠳᠡᠯᠭᠡᠬᠦ ᠬᠦᠴᠦ ᠨᠡᠮᠡᠷᠢᠯᠡᠬᠦ ᠶᠢ ᠤᠷᠢᠶᠠᠯᠠᠪᠠ᠃
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号