ᠨᠠᠮᠤᠷ ᠤᠨ ᠰᠡᠭᠦᠯᠴᠢ ᠪᠠᠷ ᠶᠠᠮᠠᠲᠤ ᠶᠢᠨ ᠤᠢ ᠰᠢᠭᠤᠢ ᠶᠢᠨ ᠴᠡᠴᠡᠷᠯᠢᠭ ᠶᠢ ᠰᠣᠨᠢᠷᠬᠠᠶ᠎ᠠ
ᠨᠡᠶᠢᠲᠡᠯᠡᠭᠰᠡᠨ ᠴᠠᠭ᠄
2024/3/12
            ︽ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠶᠠᠮᠠᠲᠤ ᠶᠢᠨ ᠣᠶ ᠰᠢᠭᠤᠶ ᠶᠢᠨ ᠴᠡᠴᠡᠷᠯᠢᠭ ᠨᠢ  ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠡᠯᠡᠭᠡᠷ ᠲᠠᠯ᠎ᠠ ᠨᠤᠲᠤᠭ ᠤᠨ ᠵᠡᠭᠦᠨ ᠬᠤᠶᠢᠲᠤ ᠲᠠᠯ᠎ᠠ ᠳᠤ  ᠪᠠᠶᠢᠷᠢᠯᠠᠵᠤ᠂ ᠠᠳᠡᠬᠢ ᠨᠡᠯᠦᠭᠡᠷ ᠶᠡᠭᠡ ᠣᠶ ᠰᠢᠭᠤᠶ ᠨᠢ ᠠᠭᠤᠯᠠ ᠨᠢᠷᠤᠭᠤ ᠬᠦᠷᠢᠶᠡᠯᠡᠭᠳᠡᠵᠦ᠂ ᠣᠷᠳᠣ ᠤᠳᠠᠭᠠᠨ  ᠠᠯᠬᠤᠭ᠎ᠠ ᠲᠠᠢ ᠪᠠᠶᠢᠵᠤ᠂ ᠦᠢᠮᠡᠭᠡᠨ ᠳᠡᠪᠵᠢᠶᠡᠨ ᠲᠠᠢ ᠬᠤᠲᠠ ᠠᠴᠠ ᠬᠤᠯᠠ ᠵᠠᠶᠢᠳᠠᠵᠤ᠂ ᠨᠠᠮ ᠰᠡᠯᠡᠭᠦᠨ  ᠪᠠᠶᠢᠭᠠᠯᠢ ᠶᠢ ᠮᠡᠳᠡᠷᠡᠵᠦ᠂ ᠰᠢᠩᠭᠡᠬᠦ ᠨᠡᠷᠡᠨ ᠢ ᠰᠣᠨᠢᠷᠬᠠᠬᠤ ᠰᠠᠶᠢᠬᠠᠨ ᠭᠠᠵᠠᠷ ᠪᠣᠯᠤᠨ᠎ᠠ᠃
2023-10-17-38585c31ee-b769-4b6d-aec8-31e7a71f9f26.jpg
            ᠠᠭᠤᠯᠠᠨ ᠣᠷᠭᠢᠯ ᠨᠢ ᠣᠶ ᠮᠣᠳᠣ ᠲᠠᠢ ᠳᠠᠪᠬᠤᠴᠠᠨ᠂ ᠨᠣᠮᠢᠨ ᠨᠣᠭᠤᠭᠠᠨ ᠥᠩᠭᠡ ᠪᠣᠯᠤᠨ ᠪᠦᠷᠢᠯᠳᠦᠵᠦ᠂  ᠬᠥᠬᠡ ᠣᠭᠲᠠᠷᠭᠤᠶ ᠪᠣᠯᠤᠨ ᠪᠥᠭᠡᠮ ᠡᠭᠦᠯᠡ ᠭᠡᠷᠡᠯᠲᠦᠵᠦ᠂ ᠦᠷᠭᠦᠯᠵᠢᠯᠡᠭᠰᠡᠨ ᠳᠣᠯᠭᠢᠶᠠᠨ ᠤ ᠡᠪᠬᠡᠮᠡᠯ ᠵᠢᠷᠤᠭ ᠢ  ᠵᠢᠷᠤᠭ ᠤᠨ ᠬᠠᠭᠤᠳᠠᠰᠤ ᠶᠢ ᠪᠦᠷᠢᠯᠳᠦᠭᠦᠯᠪᠡ᠃ ᠡᠨᠡ ᠪᠣᠯ ᠶᠠᠮᠠᠲᠤ ᠶᠢᠨ ᠣᠢ ᠰᠢᠭᠤᠶ ᠶᠢᠨ ᠴᠡᠴᠡᠷᠯᠢᠭ ᠤᠨ ᠣᠷᠣᠬᠤ  ᠡᠭᠦᠳᠡ ᠪᠣᠯᠤᠨ᠎ᠠ᠃
2023-10-17-55b36a6534-b767-4062-98f3-8bc68e4fda1e.jpg
          ᠨᠠᠮᠤᠷ ᠤᠨ ᠨᠠᠪᠴᠢ ᠰᠢᠷᠠᠯᠠᠵᠤ᠂ ᠶᠠᠮᠠᠲᠤ ᠶᠢᠨ ᠤᠢ ᠰᠢᠭᠤᠢ ᠶᠢᠨ ᠴᠡᠴᠡᠷᠯᠢᠭ ᠤᠨ ᠳᠤᠮᠳᠠ ᠬᠡᠰᠡᠭ ᠲᠤ  ᠬᠦᠷᠬᠦ ᠳᠤ᠂ ᠭᠡᠷᠡᠯ ᠰᠡᠭᠦᠳᠡᠷ ᠰᠣᠯᠪᠢᠴᠠᠭᠰᠠᠨ ᠭᠦᠨ ᠨᠠᠷᠢᠨ ᠵᠥᠷᠢᠭ ᠵᠠᠮ ᠢ ᠣᠯᠵᠤ ᠬᠠᠷᠠᠵᠤ᠂ ᠶᠡᠭᠡ ᠪᠠᠶᠢᠭᠠᠯᠢ ᠶᠢᠨ  ᠤᠷᠠᠨ ᠳᠠᠷᠬᠠᠳ ᠬᠥᠮᠦᠰ ᠤᠨ ᠪᠠᠭ᠋ᠠᠷᠬᠠᠯ ᠢ ᠲᠠᠲᠠᠨ᠎ᠠ᠃
2023-10-17-13f8b35a86-dfd3-46ad-b671-9cbe566e30d4.jpg
         ᠬᠡᠰᠡᠭ ᠪᠤᠰᠠᠭ ᠠᠯᠲᠠᠨ ᠰᠢᠷᠭᠠᠯ ᠰᠠᠯᠬᠢᠨ ᠤ ᠠᠶ᠎ᠠ ᠪᠠᠷ ᠨᠠᠮᠤᠷ ᠤᠨ ᠠᠭᠤᠷ ᠠᠮᠢᠰᠬᠤᠯ ᠢ ᠬᠠᠷᠠᠭᠤᠯᠵᠤ᠂  ᠨᠡᠷᠡᠨ ᠤ ᠭᠡᠷᠡᠯ ᠡᠬᠡ ᠭᠠᠵᠠᠷ ᠢ ᠭᠡᠶᠢᠭᠦᠯᠵᠦ᠂ ᠬᠥᠮᠦᠰ ᠲᠤ ᠳᠤᠯᠠᠭᠠᠬᠠᠨ ᠪᠥᠭᠡᠳ ᠨᠠᠮ ᠰᠡᠯᠡᠭᠦᠨ ᠲᠥᠷᠥᠭᠳᠡᠯ  ᠥᠭᠭᠦᠨ᠎ᠡ᠂ ᠡᠨᠡ ᠪᠣᠯ ᠠᠭᠤᠯᠠᠨ ᠬᠥᠲᠥᠯ ᠳᠠᠬᠢ ᠶᠠᠮᠠᠲᠤ ᠶᠢᠨ ᠣᠶ ᠰᠢᠭᠤᠶ ᠶᠢᠨ ᠴᠡᠴᠡᠷᠯᠢᠭ ᠪᠣᠯᠤᠨ᠎ᠠ᠃
2023-10-17-28b2af5294-8426-4a88-aa2b-a72a772de3be.jpg
           ᠶᠠᠪᠠᠭᠠᠨ ᠵᠠᠮ ᠤᠨ ᠭᠤᠣᠯ ᠢᠶᠠᠷ ᠠᠯᠬᠤᠯᠠᠵᠤ᠂ ᠰᠢᠷ᠎ᠠ ᠪᠦᠷᠦᠶ ᠪᠣᠯᠬᠤ ᠳᠤ᠂ ᠨᠡᠷᠡᠨ ᠤ ᠭᠡᠷᠡᠯ ᠡᠭᠦᠯᠡ ᠶᠢ  ᠨᠡᠪᠲᠡᠯᠦᠨ᠂ ᠵᠤᠷᠪᠤᠰ ᠵᠤᠷᠪᠤᠰ ᠲᠤᠶᠠᠭᠠᠨ ᠤ ᠭᠡᠷᠡᠯ ᠰᠠᠴᠤᠷᠠᠭᠤᠯᠵᠤ᠂ ᠵᠥᠷᠢᠭ ᠵᠠᠮ ᠳᠤ ᠨᠢᠭᠡ ᠳᠠᠪᠬᠤᠷ ︽ᠰᠢᠨ᠎ᠡ  ᠬᠤᠪᠴᠠᠰᠤ︾ ᠥᠩᠭᠡᠯᠡᠨ᠂ ᠨᠠᠮᠤᠷ ᠤᠨ ᠤᠷᠢᠬᠠᠨ ᠰᠠᠯᠬᠢᠨ ᠳᠤ ᠬᠡᠰᠡᠭ ᠬᠡᠰᠡᠭ ᠡᠪᠡᠰᠦ ᠮᠣᠳᠣᠨ ᠤ ᠠᠩᠬᠢᠯᠤᠮ᠎ᠠ  ᠦᠨᠦᠷ ᠬᠠᠩᠬᠤᠯᠵᠤ ᠪᠠᠶᠢᠯ᠎ᠠ᠃
2023-10-17-44a16bc091-0067-43f4-8069-1dd7fed886b9.jpg
            ᠦᠳᠡᠰᠢ ᠶᠢᠨ ᠨᠡᠷᠡᠨ ᠪᠠᠷᠠᠭᠤᠨ ᠠᠴᠠ ᠪᠠᠭᠤᠬᠤ ᠳᠤ᠂ ᠵᠢᠷᠭᠠᠬᠤ ᠨᠡᠷᠡᠨ ᠤ ᠲᠤᠶᠠᠭ᠎ᠠ ᠣᠭᠲᠠᠷᠭᠤᠢ ᠪᠣᠯᠤᠨ  ᠮᠣᠳᠣ ᠶᠢ ᠤᠯᠠᠶᠢᠯᠭᠠᠨ ᠭᠡᠷᠡᠯᠳᠦᠬᠦᠯᠵᠦ᠂ ᠶᠠᠮᠠᠲᠤ ᠶᠢᠨ ᠤᠢ ᠰᠢᠭᠤᠢ ᠶᠢᠨ ᠴᠡᠴᠡᠷᠯᠢᠭ ᠤᠨ ᠦᠵᠡᠮᠵᠢ ᠶᠢᠨ  ᠲᠠᠶᠢᠰᠠᠨ ᠠᠴᠠ ᠥᠩᠭᠡᠶᠢᠨ ᠬᠠᠷᠠᠬᠤ ᠳᠤ᠂ ᠠᠯᠤᠰ ᠤᠨ ᠬᠤᠳᠠ ᠨᠢ ᠪᠦᠬᠦ ᠪᠡᠶ᠎ᠡ ᠶᠢᠨ ᠨᠠᠮ ᠰᠡᠯᠡᠭᠦᠨ ᠪᠠᠶᠢᠳᠠᠯ ᠲᠠᠢ  ᠬᠠᠷᠢᠯᠴᠠᠨ ᠨᠥᠬᠦᠴᠡᠯᠳᠦᠵᠦ᠂ ᠮᠠᠰᠢ ᠲᠠᠭᠠᠯᠠᠮᠵᠢᠲᠠᠢ ᠪᠠᠷ ᠬᠠᠷᠠᠭᠳᠠᠨ᠎ᠠ᠃
2023-10-17-02fae47cec-10da-4922-9ea9-534801c6ff96.jpg
        ᠦᠷᠭᠦᠯᠵᠢᠯᠡᠭᠰᠡᠨ ᠠᠭᠤᠯᠠᠰ ᠤᠨ ᠵᠢᠷᠭᠠᠬᠤ ᠨᠡᠷᠡᠨ ᠤ ᠭᠡᠷᠡᠯ ᠳᠤ ᠳᠤᠰᠤᠭᠰᠠᠨ ᠳᠠᠪᠬᠤᠷᠭ᠎ᠠ ᠨᠢ ᠲᠣᠳᠣᠷᠬᠠᠶ  ᠪᠠᠶᠢᠵᠤ᠂ ᠬᠤᠯᠠ ᠠᠴᠠ ᠣᠶᠢᠷ᠎ᠠ ᠬᠦᠷᠲᠡᠯ᠎ᠡ ᠠᠳᠠᠯᠢ ᠪᠤᠰᠤ ᠰᠢᠷ᠎ᠠ ᠥᠩᠭᠡ ᠲᠠᠢ ᠪᠠᠶᠢᠳᠠᠭ᠃ ᠠᠭᠤᠯᠠᠨ ᠠᠴᠠ  ᠪᠠᠭᠤᠬᠤ ᠵᠠᠮ ᠳᠠᠭᠠᠨ ᠬᠤᠷᠤᠭᠤᠨ ᠤ ᠦᠵᠦᠭᠦᠷ ᠢᠶᠠᠷ ᠢᠶᠠᠨ ᠮᠣᠳᠣᠨ ᠨᠠᠪᠴᠢ ᠶᠢ ᠢᠯᠪᠢᠵᠦ᠂ ᠭᠠᠵᠠᠷ ᠪᠣᠯᠭᠠᠨ ᠳᠤ  ᠰᠡᠭᠦᠳᠡᠷ ᠲᠠᠲᠠᠬᠤ ᠰᠠᠶᠢᠬᠠᠨ ᠭᠠᠵᠠᠷ ᠪᠠᠶᠢᠳᠠᠭ᠂ ᠪᠠᠰᠠ ᠡᠯ᠎ᠡ ᠵᠦᠢᠯ ᠤᠨ ᠰᠢᠪᠠᠭᠤ ᠪᠠᠶᠢᠨ ᠪᠠᠶᠢᠨ ᠥᠩᠭᠡᠷᠡᠵᠦ᠂  ᠦᠳᠡᠰᠢ ᠶᠢᠨ ᠲᠤᠶᠠᠭ᠎ᠠ ᠨᠢ ᠨᠠᠩ ᠴᠤ ᠲᠦᠢᠯ ᠤᠨ ᠭᠤᠶᠢᠳᠠ ᠰᠠᠶᠢᠬᠠᠨ ᠪᠠᠶᠢᠳᠠᠭ᠃
2023-10-17-217426c5f9-f948-4cd3-a636-f509fcbaafe6.jpg
        ᠪᠠᠭ᠎ᠠ ᠰᠠᠨᠠᠭᠤᠯᠭ᠎ᠠ᠄             ᠶᠠᠮᠠᠲᠤ ᠶᠢᠨ ᠤᠢ ᠰᠢᠭᠤᠢ ᠶᠢᠨ ᠴᠡᠴᠡᠷᠯᠢᠭ ᠨᠢ ᠬᠥᠬᠡᠬᠤᠲᠠ ᠶᠢᠨ ᠰᠢᠨ᠎ᠡ ᠬᠤᠳᠠ ᠲᠣᠭᠤᠷᠢᠭ ᠤᠨ  ᠪᠣᠷᠣᠬᠤᠰᠢᠭᠤ ᠪᠠᠯᠭᠠᠰᠤ ᠳᠤ ᠪᠠᠶᠢᠷᠢᠯᠠᠵᠤ᠂ ᠬᠤᠳᠠ ᠶᠢᠨ ᠲᠣᠭᠤᠷᠢᠭ ᠠᠴᠠ ᠵᠥᠪᠬᠡᠨ 30 ᠺᠢᠯᠣᠮᠧᠲᠷ ᠵᠠᠶᠢᠲᠠᠢ᠂  ᠥᠪᠡᠷ ᠢᠶᠠᠨ ᠲᠡᠷᠭᠡ ᠵᠢᠯᠣᠭᠤᠳᠬᠤ ᠳᠤ ᠲᠤᠬᠢᠷᠠᠨ᠎ᠠ᠂ ᠴᠡᠴᠡᠷᠯᠢᠭ ᠤᠨ ᠣᠷᠣᠬᠤ ᠡᠭᠦᠳᠡᠨ ᠳᠤ ᠰᠦᠢᠳᠬᠡᠯ  ᠬᠤᠷᠢᠶᠠᠬᠤ ᠦᠭᠡᠢ ᠲᠡᠷᠭᠡ ᠵᠣᠭᠰᠣᠬᠤ ᠲᠠᠯᠠᠪᠠᠢ ᠲᠠᠢ᠃        ᠲᠣᠭᠤᠷᠢᠨ ᠦᠵᠡᠬᠦ ᠰᠡᠳᠬᠢᠯ ᠤᠨ ᠣᠯᠤᠯᠲᠠ᠄             ᠶᠠᠮᠠᠲᠤ ᠶᠢᠨ ᠣᠶ ᠰᠢᠭᠤᠶ ᠶᠢᠨ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠵᠠᠮ ᠤᠨ ᠭᠠᠵᠠᠷ ᠪᠣᠯᠭᠠᠨ ᠳᠤ  ᠴᠥᠮ ᠵᠢᠷᠤᠭ ᠠᠪᠴᠤ ᠺᠠᠷᠲ ᠴᠣᠬᠢᠬᠤ ᠳᠤ ᠮᠠᠰᠢ ᠲᠣᠬᠢᠷᠠᠮᠵᠢᠲᠠᠶ ᠪᠠᠶᠢᠳᠠᠭ᠂ ᠵᠠᠮ ᠵᠠᠭᠤᠷ᠎ᠠ ᠪᠠᠨ ᠪᠠᠰᠠ  ᠬᠥᠬᠡᠬᠤᠲᠠ ᠶᠢᠨ ᠤᠯᠠᠭ᠎ᠠ ᠥᠷᠲᠡᠭᠡ ᠪᠣᠯᠤᠨ ᠵᠢᠵᠢᠭ ᠰᠡᠷᠢᠭᠦᠨ ᠮᠤᠬᠤᠯᠠᠭ ᠭᠠᠷᠭᠠᠵᠤ ᠣᠯᠠᠨ ᠤ ᠠᠮᠠᠷᠠᠬᠤ ᠳᠤ  ᠵᠣᠷᠢᠭᠤᠯᠤᠭᠰᠠᠨ ᠪᠠᠶᠢᠳᠠᠭ᠃ ᠵᠤᠭᠠᠴᠠᠨ ᠨᠠᠭᠠᠳᠬᠤ ᠪᠠᠷ ᠢᠷᠡᠭᠰᠡᠨ ᠪᠢᠴᠢᠬᠠᠨ ᠨᠠᠶᠢᠵᠠ ᠨᠠᠷ ᠭᠠᠳᠠᠷ ᠬᠤᠪᠴᠠᠰᠤ ᠪᠠᠨ  ᠡᠮᠦᠰᠴᠦ ᠳᠤᠯᠠᠭᠠᠯᠠᠬᠤ ᠶᠢ ᠠᠩᠬᠠᠷᠴᠤ᠂ ᠨᠠᠮᠤᠷ ᠤᠨ ᠦᠳᠡᠰᠢ ᠶᠢᠨ ᠴᠡᠴᠡᠷᠯᠢᠭ ᠤᠨ ᠳᠤᠯᠠᠭᠠᠨ ᠤ ᠬᠡᠮᠵᠢᠶ᠎ᠡ ᠵᠢᠭᠠᠬᠠᠨ  ᠳᠣᠤᠷ᠎ᠠ ᠪᠠᠶᠢᠳᠠᠭ᠃    
 
ᠢᠷᠡᠯᠲᠡ᠄ ᠰᠢᠨ᠎ᠡ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号