ᠣᠷᠴᠢᠮ ᠤᠨ ᠬᠤᠭᠤᠴᠠᠭᠠᠨ ᠳᠤ᠂ ᠵᠠᠬ᠎ᠠ ᠳᠡᠯᠭᠡᠭᠦᠷ ᠳᠡᠭᠡᠷ᠎ᠡ ᠨᠢᠭᠡ ᠵᠦᠢᠯ ᠤᠨ ︽ᠬᠠᠭᠤᠷᠮᠠᠭ ᠤᠰᠤ︾ | ᠭᠡᠳᠡᠭ ᠲᠣᠭᠯᠠᠭᠠᠮ ᠭᠠᠷᠴᠤ ᠢᠷᠡᠪᠡ᠃ ᠭᠠᠳᠠᠷ ᠬᠡᠯᠪᠡᠷᠢ ᠨᠢ ᠵᠢᠵᠢᠭᠬᠡᠨ ᠯᠣᠩᠬᠤ ᠲᠠᠢ ᠤᠮᠳᠠᠭᠠᠨ ᠰᠢᠭ᠋ | ᠬᠠᠷᠠᠭᠳᠠᠨ᠎ᠠ᠂ ᠡᠭᠦᠨ ᠢ ᠤᠤᠭᠤᠵᠤ ᠪᠣᠯᠬᠤ ᠦᠭᠡᠢ︕ ᠠᠶᠤᠯ ᠲᠠᠢ︕ ︽ᠡᠨᠡ ᠲᠣᠭᠯᠠᠭᠠᠮ ᠳᠡᠭᠡᠷ᠎ᠡ ᠬᠡᠳᠦᠶᠢᠪᠡᠷ | ᠭᠤᠣᠯ ᠪᠦᠷᠢᠯᠳᠦᠭᠦᠨ ᠨᠢ ᠤᠰᠤ ᠪᠠᠷ ᠭᠤᠣᠯᠯᠠᠵᠤ᠂ ᠮᠧᠲ᠋ᠢᠯ ᠪᠥᠭᠡᠭᠡᠨᠡᠷᠡᠯ ᠡᠲ᠋ᠧᠨ ᠠᠯᠺᠣᠣᠯ ︵PVA︶᠂ | ᠥᠩᠭᠡᠯᠡᠭᠴᠢ ᠵᠡᠷᠭᠡ ᠪᠠᠶᠢᠨ᠎ᠠ ᠭᠡᠰᠡᠨ ᠲᠠᠶᠢᠯᠪᠤᠷᠢ ᠬᠠᠳᠠᠵᠤ ᠪᠠᠶᠢᠪᠠᠴᠤ ᠡᠭᠦᠨ ᠠᠴᠠ ᠡᠮᠦᠨ᠎ᠡ ᠰᠢᠯᠭᠠᠨ | ᠪᠠᠶᠢᠴᠠᠭᠠᠯᠲᠠ ᠬᠢᠭᠰᠡᠨ ᠳᠤ ᠬᠠᠭᠤᠷᠮᠠᠭ ᠤᠰᠤᠨ ᠤ ᠲᠣᠭᠯᠠᠭᠠᠮ ᠳᠤ ᠪᠤᠷ ᠡᠯᠧᠮᠧᠨ᠋ᠲ ᠤᠨ ᠠᠭᠤᠯᠤᠭᠳᠠᠴᠠ ᠨᠡᠯᠢᠶᠡᠳ | ᠥᠨᠳᠥᠷᠠᠭᠤᠯᠤᠭᠳᠠᠵᠤ᠂ ᠵᠠᠷᠢᠮ ᠳᠤᠨᠢ ᠪᠠᠰᠠ ᠣᠨᠳᠣᠣ ᠲᠢᠶᠠᠽᠤᠯᠢᠨ ᠺᠧᠲ᠋ᠤᠨ ᠤ ᠲᠦᠷᠦᠯ ᠤᠨ ᠢᠯᠵᠢᠷᠡᠬᠦ ᠶᠢ | ᠰᠡᠷᠭᠡᠶᠢᠯᠡᠬᠦ ᠡᠳ᠋ ᠠᠭᠤᠯᠤᠭᠳᠠᠵᠤ ᠪᠠᠶᠢᠪᠠ᠂ ᠡᠭᠦᠨ ᠢ ᠠᠳᠡᠭᠦᠷᠡᠨ ᠤᠤᠭᠤᠬᠤ ᠦᠭᠡᠢ ᠴᠦ ᠭᠡᠰᠡᠨ ᠬᠡᠦᠬᠡᠳ ᠤᠨ | ᠡᠷᠡᠭᠦᠯ ᠮᠡᠨᠳᠦ ᠳᠤ ᠨᠡᠯᠢᠶᠡᠳᠶᠡᠭᠡ ᠠᠶᠤᠯ ᠲᠠᠢ ᠪᠠᠶᠢᠳᠠᠭ᠃ | ᠡᠭᠦᠨ ᠠᠴᠠ ᠡᠮᠦᠨ᠎ᠡ᠂ ᠰᠤᠷᠪᠤᠯᠵᠢᠯᠠᠭᠴᠢ 9 ᠵᠦᠢᠯ ᠤᠨ 14 ᠪᠦᠯᠦᠭ ᠤᠳᠠᠭ᠎ᠠ ᠶᠢᠨ ︽ᠬᠠᠭᠤᠷᠮᠠᠭ | ᠤᠰᠤ︾ ᠶᠢᠨᠥᠯᠢᠭᠡᠷ ᠡᠳ᠋ ᠢ ᠬᠤᠳᠠᠯᠳᠤᠨ ᠠᠪᠴᠤ᠂ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠬᠦᠷᠭᠡᠵᠦ | ᠬᠢᠮᠢ ᠶᠢᠨ ᠰᠢᠯᠭᠠᠨ ᠪᠠᠶᠢᠴᠠᠭᠠᠯᠲᠠᠬᠢᠯᠭᠡᠭᠰᠡᠨ ᠳᠤ᠂ ᠥᠯᠢᠭᠡᠷ ᠡᠳ᠋ ᠢ ᠰᠢᠯᠭᠠᠨ ᠪᠠᠶᠢᠴᠠᠭᠠᠭᠰᠠᠨ ᠲᠤᠭ᠎ᠠ | ᠪᠠᠷᠢᠮᠲᠠ ᠠᠴᠠ ᠦᠵᠡᠪᠡᠯ᠂ ᠡᠨᠡ 14 ᠪᠦᠯᠦᠭᠤᠳᠠᠭᠠ ᠶᠢᠨ ︽ᠬᠠᠭᠤᠷᠮᠠᠭ ᠤᠰᠤ︾ ᠶᠢᠨ ᠦᠯᠢᠭᠡᠷ ᠡᠳ᠋ ᠲᠤ | ᠡᠸᠦ᠋ᠷᠦᠫᠡ ᠶᠢᠨ ᠬᠤᠯᠪᠣᠭᠠᠨ ᠤ ᠲᠣᠭᠯᠠᠭᠠᠮ ᠤᠨ ᠠᠮᠤᠷ ᠲᠦᠪᠰᠢᠨ ᠤ ᠬᠢᠵᠠᠭᠠᠷ ᠬᠡᠮᠵᠢᠭᠳᠡᠯ ᠠᠴᠠ ᠳᠠᠪᠠᠭᠰᠠᠨ | ᠪᠤᠷ ᠡᠯᠧᠮᠧᠨ᠋ᠲ ᠠᠭᠤᠯᠤᠭᠳᠠᠵᠤ᠂ ᠬᠠᠮᠤᠭᠠᠷᠪᠢᠨ᠋ ᠨᠢ ᠪᠠᠷᠤᠭ ᠪᠠᠷᠢᠮᠵᠢᠶ᠎ᠠ ᠠᠴᠠ 6 ᠳᠠᠬᠢᠨ ᠢᠯᠡᠭᠦᠦ ᠬᠡᠲᠦᠷᠡᠵᠡᠢ᠃ | ᠰᠢᠯᠭᠠᠨ ᠪᠠᠶᠢᠴᠠᠭᠠᠯᠲᠠ ᠬᠢᠭᠰᠡᠨ ᠢᠨᠵᠧᠨᠧᠷ ᠰᠤᠷᠪᠤᠯᠵᠢᠯᠠᠭᠴᠢ ᠳᠤ ᠬᠡᠯᠡᠬᠦ ᠳᠡᠭᠡᠨ᠄ ᠳᠤᠮᠳᠠᠳᠤ | ᠪᠠᠭ᠎ᠠᠰᠤᠷᠭᠠᠭᠤᠯᠢ ᠶᠢᠨ ᠰᠣᠷᠣᠭᠴᠢ ᠪᠤᠶᠤ ᠬᠡᠦᠬᠡᠳ ︽ᠬᠠᠭᠤᠷᠮᠠᠭ ᠤᠰᠤ︾ ᠨᠠᠭᠠᠳᠬᠤ ᠶᠠᠪᠤᠴᠠ ᠳᠤ᠂ ᠬᠡᠭᠵᠢᠷᠡᠵᠦ | ᠰᠢᠯᠪᠠᠷᠠᠬᠰᠠᠨᠠᠷᠠᠰᠤ ᠮᠢᠬ᠎ᠠ ᠵᠢᠴᠢ ᠠᠮᠠ ᠬᠠᠮᠠᠷ ᠲᠠᠭᠠᠨ ᠬᠢᠴᠢᠶᠡᠮᠵᠢ ᠦᠭᠡᠢ ᠪᠠᠷ ᠰᠢᠭᠤᠳ ᠪᠤᠶᠤ ᠳᠠᠮ ᠢᠶᠠᠷ | ᠬᠦᠷᠦᠯᠴᠡᠭᠦᠯᠬᠦ ᠳᠤ ᠬᠦᠷᠪᠡᠯᠦᠯᠡᠮᠵᠢ ᠠᠷᠪᠢᠨ ᠪᠤᠷ ᠨᠢ ᠬᠥᠮᠥᠨ ᠤ ᠪᠡᠶ᠎ᠡ ᠳᠤ ᠣᠷᠣᠵᠤ᠂ ᠤᠳᠠᠭᠠᠨ ᠳᠠᠭᠠᠨ | ᠲᠠᠰᠤᠷᠠᠯᠲᠠ ᠦᠭᠡᠢ ᠬᠤᠷᠠᠮᠳᠤᠭᠰᠠᠭᠠᠷ ᠪᠠᠶᠢᠵᠤ᠂ᠡᠷᠡᠭᠦᠯ ᠮᠡᠨᠳᠦ ᠶᠢᠨ ᠳᠠᠯᠳᠠ ᠬᠡᠮ ᠢ ᠪᠤᠢ ᠪᠣᠯᠭᠠᠳᠠᠭ ᠭᠡᠪᠡ᠃ | |