ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠬᠦᠨᠳᠦ ᠨᠣᠴᠢᠲᠠᠢ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠡᠷᠡᠭᠦᠯᠵᠢᠭᠦᠯᠬᠦ ᠦᠢᠯᠡᠴᠢᠯᠡᠭᠡ ᠥᠷᠨᠢᠭᠦᠯᠪᠡ
ᠨᠡᠶᠢᠲᠡᠯᠡᠭᠰᠡᠨ ᠴᠠᠭ᠄
2024/3/14
        ᠰᠢᠭᠤᠶᠢᠲᠤ ᠲᠣᠭᠤᠷᠢᠭ ᠤᠨ ᠬᠦᠨᠳᠦ ᠨᠣᠴᠢᠲᠠᠢ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠭᠦᠨᠵᠡᠭᠡᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠵᠢᠷᠭᠠᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠬᠠᠶᠢᠷ᠎ᠠ ᠬᠠᠯᠠᠮᠵᠢ ᠪᠠ ᠡᠷᠡᠭᠦᠯ ᠮᠡᠨᠳᠦ ᠶᠢ ᠬᠦᠨᠳᠦ ᠨᠣᠴᠢᠲᠠᠢ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠭᠡᠷ ᠲᠤ ᠬᠦᠷᠭᠡᠵᠦ᠂ ᠬᠦᠨᠳᠦ ᠨᠣᠴᠢᠲᠠᠢ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠳᠤ ᠲᠤᠰᠬᠠᠢ ᠮᠡᠷᠭᠡᠵᠢᠯ ᠤᠨ ᠨᠠᠷᠢᠨ ᠨᠢᠮᠪᠠᠢ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠵᠤ᠂ ᠠᠶᠤᠯᠲᠤ ᠴᠢᠨᠠᠷᠲᠠᠢ ᠦᠨᠡᠯᠡᠨ ᠵᠢᠱᠢᠯᠲᠡ ᠬᠢᠬᠦ ᠵᠢᠴᠢ ᠡᠪᠡᠳᠴᠢᠲᠡᠨ ᠵᠢᠴᠢ ᠭᠡᠷ ᠪᠦᠯᠢ ᠶᠢᠨ ᠬᠢᠨ ᠳᠤ ᠴᠢᠬᠤᠯᠠ ᠪᠦᠬᠦᠢ ᠠᠰᠠᠷᠠᠨ ᠰᠤᠪᠢᠯᠠᠬᠤ ᠬᠥᠮᠦᠵᠢᠯ ᠬᠠᠩᠭᠠᠪᠠ᠃   
   1710312809863024056.png
        ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠡᠮᠴᠢ ᠰᠤᠪᠢᠯᠠᠭᠴᠢ ᠡᠪᠡᠳᠴᠢᠲᠡᠨ ᠤ ᠭᠡᠷ ᠪᠦᠯᠢ ᠶᠢᠨ ᠎ ᠬᠢᠨ ᠲᠠᠢ ᠭᠦᠨᠵᠡᠭᠡᠢ ᠰᠣᠯᠢᠯᠴᠠᠭ᠎ᠠ ᠬᠢᠵᠦ᠂ ᠡᠪᠡᠳᠴᠢᠲᠡᠨ ᠤ ᠣᠶᠢᠷ᠎ᠠ ᠶᠢᠨ ᠬᠤᠭᠤᠴᠠᠭᠠᠨ ᠤ ᠪᠡᠶ᠎ᠡ ᠮᠠᠬᠠᠪᠤᠳ ᠤᠨ ᠪᠠᠶᠢᠳᠠᠯ᠂ ᠣᠶᠤᠨ ᠰᠠᠨᠠᠭᠠᠨ ᠤ ᠪᠠᠶᠢᠳᠠᠯ ᠵᠢᠴᠢ ᠡᠮ ᠬᠡᠷᠡᠭᠯᠡᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠭᠰᠠᠨ ᠪᠥᠭᠡᠳ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠢᠪᠡ︔ ᠡᠪᠡᠳᠴᠢᠲᠡᠨ ᠤ ᠪᠣᠳᠠᠲᠤ ᠪᠠᠶᠢᠳᠠᠯ ᠳᠤ ᠴᠢᠭᠯᠡᠭᠦᠯᠦᠨ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠡᠪᠡᠳᠴᠢᠨ ᠦᠵᠡᠭᠦᠯᠬᠦ ᠠᠷᠭ᠎ᠠ ᠵᠠᠮ ᠢ ᠲᠠᠶᠢᠯᠪᠤᠷᠢᠯᠠᠪᠠ︔ ᠡᠭᠦᠨ ᠤ ᠬᠠᠮᠲᠤ ᠬᠢᠨᠠᠨ ᠬᠠᠮᠠᠭᠠᠯᠠᠭᠴᠢ ᠶᠢᠨ ᠡᠳᠦᠷ ᠲᠤᠲᠤᠮ ᠤᠨ ᠬᠠᠷᠠᠭᠠᠯᠵᠠᠯ ᠪᠠ ᠬᠠᠮᠢᠶᠠᠷᠤᠯᠲᠠ ᠶᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠴᠢᠬᠤᠯᠠᠴᠢᠯᠠᠪᠠ᠃        ᠲᠠᠷᠠᠭᠠᠴᠢ ᠶᠢᠨ ᠠᠯᠬᠤᠮ ᠳᠤ᠂ ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠡᠪᠡᠳᠴᠢᠲᠡᠨ ᠳᠤ ᠨᠠᠩ ᠣᠨᠣᠪᠴᠢᠲᠠᠶ᠂ ᠥᠪᠡᠷᠮᠢᠴᠡ ᠡᠷᠡᠭᠦᠯᠵᠢᠯ ᠤᠨ ᠦᠢᠯᠡᠴᠢᠯᠡᠭᠡ ᠬᠠᠩᠭᠠᠵᠤ᠂ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠡᠷᠲᠡᠬᠡᠨ ᠨᠡᠶᠢᠭᠡᠮ ᠳᠤ ᠪᠤᠴᠠᠭᠠᠬᠤ ᠳᠤ ᠬᠦᠴᠦᠨ ᠨᠡᠮᠡᠷᠢᠯᠡᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号