ᠭᠤᠷᠪᠠ ᠶᠢ ᠪᠠᠭᠠᠰᠬᠠᠨ ᠭᠤᠷᠪᠠ ᠶᠢ ᠴᠢᠭᠢᠷᠠᠭᠵᠢᠭᠤᠯᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ
ᠨᠡᠶᠢᠲᠡᠯᠡᠭᠰᠡᠨ ᠴᠠᠭ᠄
2024/3/14
        ︽ᠭᠤᠷᠪᠠ ᠶᠢ ᠬᠠᠰᠤᠵᠤ ᠭᠤᠷᠪᠠ ᠶᠢ ᠰᠠᠶᠢᠵᠢᠷᠠᠭᠤᠯᠬᠤ︾ ᠪᠦᠬᠦ ᠠᠷᠠᠳ ᠤᠨ ᠡᠷᠡᠭᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠢ ᠭᠦᠨᠵᠡᠭᠡᠢ ᠲᠦᠯᠬᠢᠨ ᠠᠬᠢᠭᠤᠯᠬᠤ ᠶᠢᠨ ᠲᠤᠰᠠᠳᠠ᠂ ᠡᠷᠡᠭᠦᠯ ᠮᠡᠨᠳᠦ ᠶᠢᠨ ᠮᠡᠳᠡᠯᠭᠡ ᠶᠢ ᠤᠯᠠᠮᠵᠢᠯᠠᠨ ᠲᠦᠭᠡᠮᠡᠯᠵᠢᠭᠦᠯᠦᠨ᠎ᠡ᠃ 3 ᠰᠠᠷ᠎ᠠ ᠶᠢᠨ 13᠎ ᠤ ᠡᠳᠦᠷ᠂  ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠰᠢᠨ ᠱᠦ ᠭᠤᠸᠠᠩ ᠳᠣᠰᠬᠤᠨ ᠳᠤ ᠬᠦᠷᠴᠦ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ᠭᠤᠣᠯ ᠰᠡᠳᠦᠪᠲᠦ ᠡᠷᠡᠭᠦᠯ ᠴᠢᠭᠢᠷᠠᠭ ᠤᠨ ᠤᠬᠠᠭᠤᠯᠭ᠎ᠠ ᠶᠢᠨ ᠬᠥᠳᠡᠯᠭᠡᠭᠡᠨ ᠥᠷᠨᠢᠭᠦᠯᠪᠡ᠃
1710312891661039275.png
        ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠡᠮᠨᠡᠯᠭᠡ ᠶᠢᠨ ᠠᠵᠢᠯᠲᠠᠳ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠢᠳᠡᠭᠡᠨ ᠤᠮᠳᠠᠭᠠᠨ ᠤ ᠵᠠᠩ ᠳᠠᠳᠬᠠᠯ ᠢ ᠨᠠᠷᠢᠨ ᠣᠶᠢᠯᠠᠭᠠᠬᠤ ᠶᠢᠨ ᠬᠠᠮᠲᠤ ᠣᠯᠠᠨ ᠳᠤ ᠭᠤᠷᠪᠠ ᠶᠢ ᠪᠠᠭᠠᠰᠬᠠᠵᠤ ᠭᠤᠷᠪᠠ ᠶᠢ ᠰᠠᠶᠢᠵᠢᠷᠠᠭᠤᠯᠬᠤ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠳᠠᠪᠤᠰᠤ ᠪᠠᠭ᠎ᠠ᠂ ᠰᠢᠬᠢᠷ ᠪᠠᠭ᠎ᠠ᠂ ᠲᠣᠰᠣ ᠪᠠᠭ᠎ᠠ ᠢᠳᠡᠬᠦ ᠶᠢ ᠰᠠᠨᠠᠭᠠᠴᠢᠯᠠᠵᠤ᠂ ᠠᠮᠢᠳᠤᠷᠠᠯ ᠤᠨ ᠳᠤᠮᠳᠠ ᠠᠮᠠᠨ ᠬᠥᠨᠳᠡᠢ ᠶᠢᠨ ᠡᠷᠡᠭᠦᠯ ᠮᠡᠨᠳᠦ ᠶᠢᠨ ᠳᠠᠳᠬᠠᠯ ᠲᠠᠢ ᠪᠣᠯᠵᠤ᠂ ᠡᠷᠡᠭᠦᠯ ᠮᠡᠨᠳᠦ ᠶᠢᠨ ᠪᠣᠯᠪᠠᠰᠤᠷᠠᠯ ᠢᠶᠠᠷ ᠳᠠᠮᠵᠢᠭᠤᠯᠤᠨ ᠪᠡᠶ᠎ᠡ ᠶᠢᠨ ᠬᠦᠨᠳᠦ ᠪᠠᠨ ᠰᠠᠶᠢᠲᠤᠷ ᠡᠵᠡᠮᠳᠡᠬᠦ ᠪᠠ ᠠᠷᠤᠭ ᠶᠠᠰᠤᠨ ᠤ ᠡᠷᠡᠭᠦᠯ ᠢᠶᠠᠷ ᠬᠥᠭᠵᠢᠬᠦ ᠶᠢ ᠴᠢᠩᠭᠠᠳᠬᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠢ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠵᠤ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ ︽ᠭᠤᠷᠪᠠ ᠶᠢ ᠬᠠᠰᠤᠵᠤ ᠭᠤᠷᠪᠠ ᠶᠢ ᠴᠢᠭᠢᠷᠠᠭᠵᠢᠭᠤᠯᠬᠤ︾ ᠡᠷᠡᠭᠦᠯ ᠮᠡᠨᠳᠦ ᠶᠢᠨ ᠮᠡᠳᠡᠯᠭᠡ ᠶᠢᠨ ᠭᠠᠷ ᠳᠡᠪᠲᠡᠷ 170 ᠬᠤᠪᠢ ᠲᠠᠷᠬᠠᠭᠠᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠢᠳᠡᠪᠬᠢᠲᠡᠢ ᠣᠷᠣᠯᠴᠠᠭᠤᠯᠵᠤ᠂ ᠬᠥᠮᠥᠨ ᠨᠢᠭᠡᠪᠦᠷᠢ ᠶᠢ ᠴᠥᠮ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠡᠷᠡᠭᠦᠯ ᠪᠤᠰᠤ ᠠᠮᠢᠳᠤᠷᠠᠯ ᠤᠨ ᠳᠠᠳᠬᠠᠯ ᠢ ᠲᠠᠶᠠᠭᠳᠠᠭᠤᠯᠵᠤ᠂ ᠡᠭᠦᠨ ᠤ ᠤᠯᠠᠮ ᠠᠴᠠ ︽ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ︾ ᠵᠣᠷᠢᠯᠭ᠎ᠠ ᠳᠤ ᠬᠥᠷᠪᠡ᠃
1710312914235022076.png

ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号