ᠰᠢᠭᠤᠶᠢᠲᠤ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠣᠯᠭᠤᠬᠤ ᠶᠢ ᠤᠷᠤᠭᠰᠢᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/3/14
        ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠣᠯᠭᠤᠵᠤ ᠴᠢᠳᠠᠬᠤ ᠡᠰᠡᠬᠦ ᠨᠢ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠥᠭᠡᠳ ᠪᠠᠰᠠ ᠴᠤ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠶᠢᠨ ᠵᠠᠩᠭᠢᠯᠠᠭ᠎ᠠ ᠪᠣᠯᠣᠨ᠎ᠠ᠃ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠴᠠᠭ ᠲᠤᠬᠠᠢ ᠳᠤᠨᠢ ᠠᠪᠬᠤ ᠶᠢ ᠪᠠᠲᠤᠯᠠᠬᠤ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ︽ᠡᠷᠲᠡ ᠲᠣᠬᠢᠷᠠᠭᠤᠯᠬᠤ᠂ ᠡᠷᠲᠡ ᠵᠣᠬᠢᠶᠠᠨ ᠪᠠᠶᠢᠭᠤᠯᠬᠤ᠂ ᠡᠷᠲᠡ ᠬᠥᠳᠡᠯᠦᠯᠴᠡᠬᠦ︾ ᠴᠢᠭᠯᠡᠯᠲᠡ ᠶᠣᠰᠣᠭᠠᠷ᠂ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠪᠠ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠶᠢ ᠨᠢᠭᠲᠠ ᠤᠶᠠᠯᠳᠤᠭᠤᠯᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠲᠠᠰᠤᠷᠠᠯᠲᠠ ᠦᠭᠡᠢ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠡᠳ᠋ ᠤᠨ ᠵᠠᠰᠠᠭ ᠤᠨ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠬᠡᠬᠦ ᠪᠠ ᠣᠯᠭᠤᠮᠵᠢ ᠥᠭᠬᠦ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠣᠯᠭᠤᠬᠤ ᠶᠢ ᠦᠨᠡᠨ ᠬᠦ ᠪᠠᠲᠤᠯᠠᠪᠠ᠃        ᠣᠲᠣ ᠪᠣᠯᠲᠠᠯ᠎ᠠ᠂ ᠮᠠᠨ ᠤ ᠲᠣᠭᠤᠷᠢᠭ ᠡᠯ᠎ᠡ ᠵᠦᠢᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠨᠡᠶᠢᠲᠡ 5727 ᠲᠦᠮᠡᠨ ᠲᠥᠭᠦᠷᠢᠭ ᠲᠠᠷᠬᠠᠭᠠᠵᠤ᠂ ᠡᠭᠦᠨ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ 3152 ᠲᠦᠮᠡᠨ ᠲᠥᠭᠦᠷᠢᠭ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ 2333 ᠲᠦᠮᠡᠨ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠣᠯᠭᠤᠮᠵᠢ 242 ᠲᠦᠮᠡᠨ ᠲᠥᠭᠦᠷᠢᠭ ᠲᠠᠷᠬᠠᠭᠠᠪᠠ᠃        ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠠᠷᠠᠳ ᠲᠦᠮᠡᠨ ᠢᠶᠠᠷ ᠭᠤᠣᠯ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠵᠣᠪᠠᠨᠢᠯ ᠢ ᠢᠯᠡᠭᠦᠬᠡᠨ ᠰᠢᠢᠳᠪᠦᠷᠢᠯᠡᠨ᠎ᠡ᠃ ᠲᠥᠷᠥ ᠶᠢᠨ ᠪᠣᠳᠣᠯᠭ᠎ᠠ ᠶᠢ ︽ᠣᠶᠢᠯᠠᠭᠠᠵᠤ ᠳᠡᠶᠢᠯᠬᠦ︾᠂ ᠣᠯᠭᠤᠮᠵᠢ ᠶᠢ ︽ᠪᠣᠳᠣᠵᠤ ᠳᠡᠶᠢᠯᠬᠦ︾ ᠤᠬᠠᠭᠤᠯᠭ᠎ᠠ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ︽ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ︾᠎ ᠶᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ︽ᠲᠠᠷᠬᠠᠭᠠᠬᠤ ᠶᠣᠰᠣᠲᠠᠢ ᠶᠢ ᠨᠢ ᠴᠥᠮ ᠲᠠᠷᠬᠠᠭᠠᠬᠤ︾᠎ ᠶᠢ ᠪᠡᠶᠡᠯᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号