ᠰᠢᠭᠤᠶᠢᠲᠤ ᠵᠡᠭᠡᠯᠢ ᠭᠤᠳᠤᠮᠵᠢ ᠱᠠᠰᠢᠨ ᠰᠤᠷᠲᠠᠬᠤᠨ ᠤ ᠲᠠᠯᠠᠪᠤᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠳᠠᠯᠳᠠ ᠭᠡᠮ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/3/14
        ᠣᠶᠢᠷ᠎ᠠ ᠶᠢᠨ ᠬᠤᠭᠤᠴᠠᠭᠠᠨ ᠳᠤ ᠪᠥᠬᠦ ᠤᠯᠤᠰ ᠤᠨ ᠣᠯᠠᠨ ᠭᠠᠵᠠᠷ ᠲᠤ ᠡᠭᠦᠰᠦᠭᠰᠡᠨ ᠬᠦᠨᠳᠦ ᠶᠡᠭᠡ ᠭᠠᠯ ᠤᠨ ᠭᠠᠮᠰᠢᠭ ᠤᠨ ᠠᠳᠡᠯ ᠠᠴᠠ ᠨᠠᠷᠢᠨ ᠬᠢᠨᠠᠮᠠᠭᠠᠢ ᠰᠤᠷᠭᠠᠮᠵᠢ ᠠᠪᠴᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠭᠤᠶᠢᠲᠤ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠠᠶᠤᠯᠭᠦᠢ ᠴᠢᠨᠠᠷ ᠪᠠ ᠲᠠᠯᠠᠪᠤᠷ ᠭᠠᠵᠠᠷ ᠤᠨ ᠬᠥᠮᠥᠰ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 3 ᠰᠠᠷ᠎ᠠ ᠶᠢᠨ 12᠎ ᠤᠨ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠬᠠᠮᠲᠤᠷᠠᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶᠠᠲᠤ ᠣᠷᠣᠨ ᠤ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃
1710313127142025831.jpg
        ᠠᠵᠢᠯᠲᠠᠳ ᠬᠠᠷᠢᠶᠠᠲᠤ ᠣᠷᠣᠨ ᠤ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠪᠥᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠯᠲᠠ ᠬᠢᠵᠦ᠂ ᠲᠠᠯᠠᠪᠤᠷ ᠭᠠᠵᠠᠷ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠪᠦᠷᠢᠨ ᠪᠦᠲᠦᠨ ᠪᠠᠶᠢᠬᠤ ᠡᠰᠡᠬᠦ᠂ ᠭᠠᠯ ᠤᠨᠲᠠᠷᠠᠭᠠᠭᠤᠷ ᠤᠨ ᠬᠤᠭᠤᠴᠠᠭ᠎ᠠ ᠨᠢ ᠥᠩᠭᠡᠷᠡᠭᠰᠡᠨ ᠪᠠᠶᠢᠬᠤ ᠡᠰᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠵᠦᠢ ᠵᠣᠬᠢᠰᠲᠠᠢ ᠲᠠᠯᠪᠢᠭᠰᠠᠨ ᠡᠰᠡᠬᠦ᠂ ᠭᠠᠯ ᠤᠨᠲᠠᠷᠠᠭᠠᠬᠤ ᠬᠤᠭᠤᠯᠠᠢ ᠶᠢᠨ ᠠᠰᠠᠭᠤᠳᠠᠯ ᠣᠷᠣᠰᠢᠵᠤ ᠪᠠᠶᠢᠬᠤ ᠡᠰᠡᠬᠦ᠂ ᠠᠮᠤᠷ ᠲᠦᠪᠰᠢᠨ ᠤ ᠨᠡᠪᠲᠡᠷᠡᠬᠦ ᠵᠠᠮ ᠨᠢ ᠦᠢᠯᠡᠳᠦᠯ ᠢᠶᠠᠨ ᠪᠠᠳᠠᠷᠠᠭᠤᠯᠵᠤ ᠴᠢᠳᠠᠬᠤ ᠡᠰᠡᠬᠦ᠂ ᠴᠠᠬᠢᠯᠭᠠᠨ ᠭᠠᠯ ᠳᠤᠯᠠᠭᠠᠯᠠᠭ᠎ᠠ ᠶᠢᠨ ᠲᠥᠬᠦᠭᠡᠷᠦᠮᠵᠢ ᠨᠢ ᠠᠮᠤᠷ ᠲᠦᠪᠰᠢᠨ ᠤ ᠲᠣᠭᠲᠠᠭᠠᠯ ᠳᠤ ᠨᠡᠶᠢᠴᠡᠬᠦ ᠡᠰᠡᠬᠦ᠂ ᠵᠡᠷᠭᠡ ᠶᠢ ᠪᠥᠬᠦ ᠲᠠᠯ᠎ᠠ ᠪᠠᠷ ᠨᠠᠷᠢᠪᠴᠢᠯᠠᠨ ᠪᠠᠶᠢᠴᠠᠭᠠᠪᠠ᠃ ᠲᠤᠬᠠᠢ ᠶᠢᠨ ᠲᠠᠯᠠᠪᠤᠷ ᠲᠤ ᠲᠠᠯᠠᠪᠤᠷ ᠭᠠᠵᠠᠷ ᠤᠨ ᠬᠥᠮᠥᠰ ᠲᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠡᠯ᠎ᠡ ᠲᠥᠷᠥᠯ ᠤᠨ ᠭᠠᠯ ᠤᠨᠲᠠᠷᠠᠭᠠᠬᠤ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠢᠯᠡᠷᠡᠭᠦᠯᠬᠦ ᠪᠠ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠯᠠᠭᠠᠨ ᠱᠤᠭᠤᠮ ᠢ ᠪᠠᠲᠤ ᠰᠠᠬᠢᠵᠤ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠪᠠ ᠱᠠᠰᠢᠨ ᠰᠢᠲᠦᠳᠡᠭ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠭᠠᠯ ᠤᠨᠲᠠᠷᠠᠭᠠᠬᠤ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃        ᠵᠠᠯᠭᠠᠭᠠᠳ ᠰᠢᠭᠤᠶᠢᠲᠤ ᠵᠡᠭᠡᠯᠢ ᠭᠤᠳᠤᠮᠵᠢ ᠶᠢᠨ ᠬᠢᠨ ᠱᠠᠰᠢᠨ ᠰᠤᠷᠲᠠᠬᠤᠨ ᠤ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠪᠣᠳᠠᠲᠠᠢ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠪᠠᠶᠢᠩᠭᠤᠵᠢᠭᠤᠯᠤᠨ ᠤᠬᠠᠭᠤᠯᠵᠤ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠪᠣᠯᠣᠨ ᠱᠠᠰᠢᠨ ᠰᠢᠲᠦᠳᠡᠭ ᠤᠯᠠᠨ ᠲᠦᠮᠡᠨ ᠤ ᠭᠠᠯ ᠤᠨᠲᠠᠷᠠᠭᠠᠵᠤ ᠠᠮᠤᠷ ᠲᠦᠪᠰᠢᠨ ᠪᠣᠯᠣᠨ ᠭᠠᠯ ᠤᠨᠲᠠᠷᠠᠭᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠱᠠᠰᠢᠨ ᠰᠤᠷᠲᠠᠬᠤᠨ ᠤ ᠬᠦᠷᠢᠶᠡᠨ ᠤ ᠠᠮᠤᠷ ᠲᠦᠪᠰᠢᠨ ᠤ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号